ᠪᠠᠶᠠᠨᠨᠠᠭᠤᠷ ᠬᠤᠲᠠ ᠲᠤᠰ ᠱᠠᠲᠤᠨ ᠤ ᠮᠣᠩᠭᠤᠯ ᠢᠶᠠᠷ ᠬᠢᠴᠢᠶᠡᠯᠯᠡᠬᠦ ᠦᠨᠳᠦᠰᠦᠲᠡᠨ ᠤ ᠰᠤᠷᠭᠠᠭᠤᠯᠢ ᠶᠢᠨ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ ᠶᠢ ᠬᠥᠮᠦᠨ ᠪᠦᠷᠢ ᠶᠢᠨ ᠎ ᠬᠢ ᠡᠳᠦᠷ ᠪᠦᠷᠢ 5 ᠲᠥᠭᠦᠷᠢᠭ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2015/7/2
     ᠬᠤᠲᠠ ᠶᠢᠨ ᠰᠢᠭᠤᠳ ᠬᠠᠷᠢᠶ᠎ᠠ ᠮᠣᠩᠭᠤᠯ ᠢᠶᠠᠷ ᠬᠢᠴᠢᠶᠡᠯᠯᠡᠬᠦ ᠦᠨᠳᠦᠰᠦᠲᠡᠨ ᠤ ᠰᠤᠷᠭᠠᠭᠤᠯᠢ ᠶᠢᠨ ᠪᠠᠶᠢᠷᠢ ᠳᠤ ᠰᠠᠭᠤᠬᠤ ᠰᠤᠷᠤᠭᠴᠢᠳ ᠤᠨ ᠬᠤᠭᠤᠯᠠᠨ ᠤ ᠪᠠᠷᠢᠮᠵᠢᠶ᠎ᠠ ᠢ ᠳᠡᠭᠡᠭᠰᠢᠯᠡᠭᠦᠯᠬᠦ ᠶᠢᠨ ᠲᠤᠰᠠᠳᠠ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠬᠤᠣᠰ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ ᠪᠠᠭ᠎ᠠ ᠰᠤᠷᠭᠠᠭᠤᠯᠢ ᠶᠢᠨ ᠬᠥᠮᠦᠨ ᠪᠦᠷᠢ ᠶᠢᠨ ᠡᠳᠦᠷ ᠪᠦᠷᠢ 5 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠪᠦᠷᠢ ᠶᠢᠨ ᠡᠳᠦᠷ ᠪᠦᠷᠢ 6 ᠲᠥᠭᠦᠷᠢᠭ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠪᠦᠷᠢ ᠳᠤ ᠡᠳᠦᠷ ᠪᠦᠷᠢ 7 ᠲᠥᠭᠦᠷᠢᠭ ᠪᠠᠶᠢᠭ᠎ᠠ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠬᠤᠲᠠ ᠶᠢᠨ ᠲᠤᠰ ᠱᠠᠲᠤ ᠨᠢ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠤᠨ ᠬᠥᠮᠦᠨ ᠪᠦᠷᠢ ᠳᠤ ᠡᠳᠦᠷ ᠪᠦᠷᠢ 5 ᠲᠥᠭᠦᠷᠢᠭ ᠤᠨ ᠲᠤᠰᠠᠯᠠᠮᠵᠢ ᠢ ᠨᠡᠮᠡᠭᠳᠡᠭᠦᠯᠬᠦ ᠪᠠᠷ᠂ ᠨᠡᠶᠢᠲᠡ 97 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠭᠰᠠᠨ ᠪᠠᠶᠢᠨ᠎ᠠ᠂ ᠡᠭᠦᠨ ᠳᠤ᠄ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ 70 ᠲᠦᠮᠡᠨ ᠲᠥᠭᠦᠷᠢᠭ ᠲᠣᠬᠢᠷᠠᠭᠤᠯᠵᠤ᠂ ᠠᠰᠢᠭ ᠬᠦᠷᠳᠡᠬᠦ ᠪᠠᠶᠢᠷᠢ ᠳᠤ ᠰᠠᠭᠤᠬᠤ ᠰᠤᠷᠤᠭᠴᠢ 521 ᠬᠥᠮᠦᠨ ᠪᠤᠢ︔ ᠬᠤᠲᠠ ᠶᠢᠨ ᠮᠣᠩᠭᠤᠯ ᠪᠠᠭ᠎ᠠ ᠰᠤᠷᠭᠠᠭᠤᠯᠢ ᠳᠤ 27 ᠲᠦᠮᠡᠨ ᠲᠥᠭᠦᠷᠢᠭ ᠲᠣᠬᠢᠷᠠᠭᠤᠯᠵᠤ᠂ ᠠᠰᠢᠭ ᠬᠦᠷᠳᠡᠬᠦ ᠪᠠᠶᠢᠷᠢ ᠳᠤ ᠰᠠᠭᠤᠬᠤ ᠰᠤᠷᠤᠭᠴᠢ 200 ᠬᠥᠮᠦᠨ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号