ᠰᠢᠡᠵᠢᠯᠡᠭᠡᠨ ᠠᠯᠤᠰᠯᠠᠭᠰᠠᠨ᠂ ᠬᠦᠷᠢᠶ᠎ᠠ ᠠᠯᠤᠰᠯᠠᠭᠰᠠᠨ ᠰᠢᠡᠵᠢᠯᠡᠬᠦ ᠤᠬᠠᠭᠠᠨ ᠤ ᠰᠤᠳᠤᠯᠤᠯ ᠪᠤᠯᠤᠨ ᠵᠢᠭᠠᠨ | ᠰᠤᠷᠭᠠᠯᠳᠠ ᠶᠢ ᠤᠶᠠᠯᠳᠤᠭᠤᠯᠤᠭᠰᠠᠨ ᠨᠢᠭᠡ ᠪᠦᠯᠦᠭ ᠰᠢᠨ᠎ᠠ ᠶᠢ ᠡᠭᠦᠳᠬᠦ ᠪᠦᠯᠬᠦᠮ ᠢ ᠲᠦᠷᠭᠡᠨ ᠪᠣᠶᠢᠵᠢᠭᠤᠯᠬᠤ ᠶᠢᠨ | ᠳᠦᠯᠤᠭᠡ᠂ ᠰᠤᠷᠭᠠᠨ ᠬᠦᠮᠤᠵᠢᠯ ᠤᠨ ᠳᠢᠩᠬᠢᠮ ᠠᠴᠠ 2016 ᠤᠨ ᠤ ᠥᠪᠡᠷᠲᠡᠭᠡᠨ ᠵᠠᠰᠠᠬᠤ ᠣᠷᠣᠨ ᠤ ᠶᠡᠭᠡ | ᠳᠡᠭᠡᠳᠤ ᠰᠤᠷᠭᠠᠭᠤᠯᠢ ᠶᠢᠨ ︽ᠰᠢᠨ᠎ᠠ ᠶᠢ ᠡᠭᠦᠳᠬᠦ ᠪᠦᠯᠬᠦᠮ ᠤᠨ ᠬᠦᠭᠵᠢᠭᠦᠯᠤᠯᠳᠠ ᠶᠢᠨ ᠳᠦᠯᠤᠪᠯᠡᠭᠡ︾ ᠶᠢ | ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠪᠠᠶᠢᠨ᠎ᠠ᠃ ᠳᠤᠰ ᠤᠳᠠᠭᠠᠨ ᠤ ᠳᠦᠯᠤᠪᠯᠡᠭᠡ ᠶᠢᠨ ᠭᠤᠶᠤᠴᠢᠯᠠᠨ | ᠮᠡᠳᠡᠭᠦᠯᠬᠦ ᠶᠢ ᠦᠪᠡᠷᠳᠡᠭᠡᠨ ᠵᠠᠰᠠᠬᠤ ᠤᠷᠤᠨ ᠤ ᠳᠡᠭᠡᠳᠤ ᠵᠡᠷᠭᠡ ᠶᠢᠨ ᠰᠤᠷᠭᠠᠭᠤᠯᠢ ᠶᠢᠨ ᠰᠢᠨ᠎ᠠ ᠶᠢ ᠡᠭᠦᠳᠬᠦ | ᠪᠦᠯᠬᠦᠮ ᠪᠠ ᠦᠪᠡᠷᠳᠡᠭᠡᠨ ᠵᠠᠰᠠᠬᠤ ᠤᠷᠤᠨ ᠤ ᠳᠡᠭᠡᠳᠤ ᠵᠡᠷᠭᠡ ᠶᠢᠨ ᠰᠤᠷᠭᠠᠭᠤᠯᠢ ᠶᠢᠨ ᠰᠢᠨ᠎ᠠ ᠶᠢ ᠡᠭᠦᠳᠬᠦ ᠶᠢ | ᠪᠤᠶᠢᠵᠢᠭᠤᠯᠬᠤ ᠪᠦᠯᠬᠦᠮ ᠭᠡᠵᠦ ᠬᠤᠶᠠᠷ ᠳᠡᠰ ᠬᠤᠪᠢᠶᠠᠨ᠎ᠠ᠃ ᠦᠪᠤᠷ ᠮᠤᠩᠭᠤᠯ ᠤᠨ ᠶᠡᠭᠡ ᠰᠤᠷᠭᠠᠭᠤᠯᠢ᠂ ᠦᠪᠤᠷ | ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠤᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢ ᠵᠦᠪᠬᠡᠨ ᠦᠪᠡᠷᠳᠡᠭᠡᠨ ᠵᠠᠰᠠᠬᠤ ᠤᠷᠤᠨ ᠤ ᠳᠡᠭᠡᠳᠤ | ᠵᠡᠷᠭᠡ ᠶᠢᠨ ᠰᠤᠷᠭᠠᠭᠤᠯᠢ ᠶᠢᠨ ᠰᠢᠨ᠎ᠠ ᠶᠢ ᠡᠭᠦᠳᠬᠦ ᠪᠦᠯᠬᠦᠮ ᠳᠤ ᠭᠤᠶᠤᠴᠢᠯᠠᠨ ᠮᠡᠳᠡᠭᠦᠯᠵᠤ ᠪᠤᠯᠤᠨ᠎ᠠ᠂ ᠪᠤᠰᠤᠳ | ᠭᠤᠶᠤᠴᠢᠯᠠᠨ ᠮᠡᠳᠡᠭᠦᠯᠬᠦ ᠨᠦᠬᠦᠴᠡᠯ ᠳᠤ ᠨᠡᠶᠢᠴᠡᠭᠰᠡᠨ ᠡᠩ ᠤᠨ ᠳᠡᠭᠡᠳᠤ ᠰᠤᠷᠭᠠᠭᠤᠯᠢ ᠨᠢ ᠬᠤᠶᠠᠷ ᠳᠡᠰ | ᠳᠠᠪᠬᠤᠷᠭ᠎ᠠ ᠶᠢᠨ ᠳᠦᠯᠤᠪᠯᠡᠭᠡ ᠳᠤ ᠪᠦᠷ ᠭᠤᠶᠤᠴᠢᠯᠠᠨ ᠮᠡᠳᠡᠭᠦᠯᠵᠤ ᠪᠤᠯᠤᠨ᠎ᠠ᠃ | ᠣᠶᠢᠯᠠᠭᠠᠭᠰᠠᠨ ᠢᠶᠠᠷ ᠰᠢᠨ᠎ᠡ ᠶᠢ ᠡᠭᠦᠳᠬᠦ ᠪᠦᠯᠬᠦᠮ ᠨᠢ ᠲᠣᠭᠠᠨ ᠤ ᠤᠬᠠᠭᠠᠨ ︵ᠬᠦᠴᠦᠨ ᠤ ᠤᠬᠠᠭᠠᠨ︶᠂ | ᠬᠢᠮᠢ ᠶᠢᠨ ᠤᠬᠠᠭᠠᠨ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ᠂ ᠡᠨᠧᠷᠭᠢ ᠬᠢᠭᠡᠳ ᠣᠷᠴᠢᠨ ᠲᠣᠭᠤᠷᠢᠨ᠂ | ᠮᠡᠳᠡᠭᠡ ᠵᠠᠩᠭᠢ᠂ ᠠᠮᠢᠳᠤ ᠪᠤᠳᠠᠰ᠂ ᠠᠨᠠᠭᠠᠬᠤ ᠤᠬᠠᠭᠠᠨ᠂ ᠡᠬᠢ ᠪᠠᠶᠠᠯᠢᠭ᠂ ᠡᠳ᠋ ᠮᠠᠲ᠋ᠧᠷᠢᠶᠠᠯ᠂ ᠲᠡᠷᠢᠬᠦᠨ ᠤ | ᠦᠢᠯᠡᠳᠪᠦᠷᠢᠯᠡᠯ᠂ ᠬᠠᠮᠢᠶᠠᠷᠤᠯᠲᠠ᠂ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ ᠤ ᠨᠡᠶᠢᠲᠡ12 ᠬᠦᠷᠢᠶ᠎ᠠ ᠶᠣᠰᠣᠭᠠᠷ | ᠲᠦᠷᠦᠯᠵᠢᠭᠦᠯᠦᠨ ᠭᠤᠶᠤᠴᠢᠯᠠᠨ ᠮᠡᠳᠡᠭᠦᠯᠦᠨ᠎ᠡ᠃ ᠲᠤᠰ ᠤᠳᠠᠭᠠᠨ ᠤ ᠲᠥᠯᠥᠪᠵᠢᠭᠦᠯᠭᠡ ᠨᠢ ᠲᠤᠭ᠎ᠠ ᠬᠢᠵᠠᠭᠠᠷᠯᠠᠵᠤ | ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠵᠦ᠂ ᠡᠯ᠎ᠡ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠨᠢ ᠰᠢᠨ᠎ᠡ ᠶᠢ | ᠡᠭᠦᠳᠬᠦ ᠪᠦᠯᠬᠦᠮ 2 ᠢ ᠭᠤᠶᠤᠴᠢᠯᠠᠨ ᠮᠡᠳᠡᠭᠦᠯᠬᠦ ᠪᠠᠷ ᠬᠢᠵᠠᠭᠠᠷᠯᠠᠨ᠎ᠠ᠃ ᠨᠢᠭᠡᠳᠦᠭᠡᠷ ᠳᠡᠰ ᠤᠨ ᠰᠢᠨ᠎ᠡ ᠶᠢ ᠡᠭᠦᠳᠬᠦ | ᠪᠦᠯᠭᠦᠮ ᠳᠤ ᠡᠯᠰᠡᠭᠳᠡᠭᠰᠡᠳ ᠤᠨ ᠵᠠᠷᠤᠳᠠᠯ ᠤᠨ ᠲᠤᠰᠠᠯᠠᠮᠵᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠤᠨ ᠬᠦᠭᠵᠢᠭᠦᠯᠦᠯᠲᠡ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠶᠣᠰᠣᠭᠠᠷ ᠬᠡᠷᠡᠭᠵᠢᠭᠦᠯᠦᠨ᠎ᠡ᠃ | ᠬᠤᠶᠠᠳᠤᠭᠠᠷ ᠳᠡᠰ ᠤᠨ ᠰᠢᠨ᠎ᠡ ᠶᠢ ᠡᠭᠦᠳᠬᠦ ᠶᠢ ᠪᠤᠶᠢᠵᠢᠭᠤᠯᠬᠤ ᠪᠦᠯᠬᠦᠮ ᠳᠤ ᠡᠯᠰᠡᠭᠳᠡᠭᠰᠡᠨ ᠪᠠ ᠲᠤᠭ᠎ᠠ ᠠᠵᠤ | ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠰᠢᠨ᠎ᠡ ᠶᠢ ᠡᠭᠦᠳᠬᠦ ᠶᠢ ᠪᠤᠶᠢᠵᠢᠭᠤᠯᠬᠤ | ᠪᠦᠯᠬᠦᠮ ᠤᠨ ᠵᠠᠷᠤᠳᠠᠯ ᠲᠤᠰᠠᠯᠠᠮᠵᠢ ᠨᠢ 25 ᠲᠦᠮᠡᠨ ᠲᠦᠬᠦᠷᠢᠭ᠂ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠬᠢ 15 ᠲᠦᠮᠡᠨ ᠲᠦᠬᠦᠷᠢᠭ ᠪᠣᠯᠣᠨ᠎ᠠ᠃ ᠪᠤᠳᠠᠳᠠᠢ ᠭᠤᠶᠤᠴᠢᠯᠠᠨ ᠮᠡᠳᠡᠭᠦᠯᠬᠦ ᠨᠥᠬᠦᠴᠡᠯ ᠵᠢᠴᠢ | ᠬᠤᠯᠪᠤᠭᠳᠠᠯ ᠪᠦᠬᠦᠢ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ ᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠥᠵᠢᠯ ᠤᠨ ᠲᠢᠩᠬᠢᠮ ᠤᠨ ᠠᠯᠪᠠᠨ ᠰᠦᠯᠵᠢᠶᠡᠨ ᠳᠤ ᠭᠠᠷᠴᠤ ᠪᠠᠶᠢᠴᠠᠭᠠᠵᠤ ᠯᠠᠪᠯᠠᠭᠠᠷᠠᠢ᠃ | |