ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2015/7/23
     7 ᠳ᠋ᠤᠭᠠᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠣᠷᠳᠣᠰ ᠬᠤᠲᠠ ᠳᠤ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ ᠤᠨ ᠡᠷᠬᠢᠯᠡᠭᠴᠢ ᠡᠸᠤ ᠶᠠᠩ ᠰᠢᠶᠤᠤ ᠬᠤᠢ ᠣᠷᠳᠣᠰ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠵᠢᠴᠢ ᠡᠯ᠎ᠡ ᠬᠤᠰᠢᠭᠤ ᠰᠢᠶᠠᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠠᠵᠠᠷ᠂ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠣᠷᠳᠣᠰ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠦᠭᠰᠡᠨ ᠶᠡᠷᠦᠩᠬᠡᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠡᠸᠤ ᠶᠠᠩ ᠰᠢᠶᠤᠤ ᠬᠤᠢ ᠵᠢᠭᠠᠵᠤ ᠭᠠᠷᠭᠠᠭᠰᠠᠨ ᠨᠢ᠂ ᠣᠷᠳᠣᠰ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠤᠨ ᠴᠢᠭ᠋ ᠤᠨ ᠠᠩᠬᠠᠳᠠᠭᠴᠢ ᠭᠠᠵᠠᠷ ᠣᠷᠣᠨ ᠪᠣᠯᠣᠨ᠎ᠠ᠂ ᠡᠯ᠎ᠡ ᠵᠦᠢᠯ ᠤᠨ ᠠᠵᠢᠯ ᠤᠳ ᠴᠥᠮ ᠲᠡᠷᠢᠭᠦᠨ ᠳᠤ ᠶᠠᠪᠤᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠵᠠᠰᠠᠭ ᠵᠠᠬᠢᠷᠭᠠᠨᠴᠢᠯᠠᠯᠲᠠ ᠶᠢ ᠦᠭᠡᠶᠢᠰᠬᠡᠬᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ᠂ ᠡᠮ ᠢᠶᠠᠷ ᠡᠮᠨᠡᠯᠭᠡ ᠳᠡᠭᠡᠨ ᠨᠥᠬᠦᠪᠦᠷᠢ ᠪᠣᠯᠬᠤ ᠶᠢ ᠬᠦᠴᠦᠨ ᠦᠭᠡᠶ ᠪᠣᠯᠭᠠᠬᠤ᠂ ᠬᠡᠶᠢᠰᠪᠦᠷᠢ ᠣᠷᠣᠨ ᠲᠤᠭ᠎ᠠ ᠲᠣᠭᠲᠠᠭᠠᠬᠤ ᠵᠡᠷᠭᠡ ᠲᠠᠯ᠎ᠠ ᠪᠠᠷ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠭᠠᠭᠴᠠ ᠬᠦ ᠴᠢᠭᠯᠡᠯ ᠨᠢ ᠵᠥᠪ ᠪᠣᠯ ᠬᠠᠶᠢᠨ ᠰᠦᠪᠡᠭᠴᠢᠯᠡᠭᠰᠡᠨ ᠵᠠᠮ ᠨᠢ ᠴᠦ ᠵᠥᠪ ᠭᠡᠰᠡᠨ ᠢ ᠦᠢᠯᠡᠳᠦᠯᠭᠡ ᠪᠠᠷ ᠭᠡᠷᠡᠴᠢᠯᠡᠪᠡ ᠭᠡᠵᠡᠢ᠃      ᠡᠸᠤ ᠶᠠᠩ ᠰᠢᠶᠤᠤ ᠬᠤᠢ ᠵᠢᠭᠠᠵᠤ ᠭᠠᠷᠭᠠᠭᠰᠠᠨ ᠨᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠶᠡᠷᠦᠩᠬᠡᠶ ᠰᠡᠳᠬᠢᠴᠡ ᠪᠠ ᠴᠢᠭᠯᠡᠯ ᠢ ᠨᠢᠭᠡᠨᠲᠡ ᠲᠣᠳᠣᠷᠬᠠᠶ ᠲᠣᠭᠲᠠᠭᠠᠪᠠ᠂ ᠳᠠᠷᠠᠭᠠᠴᠢ ᠶᠢᠨ ᠠᠯᠬᠤᠮ ᠳᠤ  ︽ᠬᠠᠮᠲᠤᠷᠠᠨ ᠬᠥᠳᠡᠯᠦᠯᠴᠡᠬᠦ︾ ᠪᠠ ︽ᠰᠠᠨᠠᠭᠠᠴᠢᠯᠠᠭ᠎ᠠ ᠠᠴᠠ ᠪᠠᠨ ᠬᠦᠳᠡᠯᠦᠯᠴᠡᠬᠦ︾᠎ ᠶᠢ ᠪᠡᠶᠡᠯᠡᠭᠦᠯᠬᠦ ᠬᠡᠷᠡᠭᠲᠡᠢ᠃ ᠲᠡᠷᠡ ᠪᠠᠰᠠ ᠱᠠᠭᠠᠷᠳᠠᠭᠰᠠᠨ ᠨᠢ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠲᠥᠷᠥ ᠶᠢᠨ ᠪᠣᠳᠣᠯᠭ᠎ᠠ ᠶᠢ ᠳᠤᠭᠤᠷᠠᠲᠠᠯ᠎ᠠ ᠮᠡᠳᠡᠬᠦ ᠬᠡᠷᠡᠭᠲᠡᠢ  ᠃ ᠶᠠᠭᠠᠬᠢᠭᠰᠠᠨ ᠴᠤ ᠬᠦᠯᠢᠶᠡᠨ ᠰᠠᠭᠤᠵᠤ ᠪᠣᠯᠬᠤ ᠦᠭᠡᠶ᠂  ᠰᠤᠳᠤᠯᠬᠤ ᠶᠢᠨ ᠳᠠᠭᠠᠤ ᠬᠠᠶᠢᠨ ᠰᠦᠪᠡᠭᠴᠢᠯᠡᠵᠦ᠂ ᠲᠣᠯᠢᠳᠠᠵᠤ ᠪᠣᠯᠣᠮᠠᠷ ᠲᠣᠷᠰᠢᠯᠭ᠎ᠠ ᠣᠯᠬᠤ  ᠪᠠᠷ ᠴᠢᠷᠮᠠᠶᠢᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠎ ᠳᠠᠭᠠᠨ ᠡᠮ ᠤᠨ ᠵᠦᠢᠯ ᠤᠨ ᠬᠤᠪᠢᠳᠠᠯ ᠨᠡᠮᠡᠬᠦ ᠵᠠᠰᠠᠭ ᠤᠨ ᠣᠷᠳᠣᠨ ᠤ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠲᠦᠰᠢᠭ ᠲᠤᠯᠭᠠᠭᠤᠷᠢ ᠎ ᠶᠢ ᠬᠦᠴᠦᠨ ᠦᠭᠡᠶ  ᠪᠣᠯᠭᠠᠬᠤ ᠲᠠᠯ᠎ᠠ ᠪᠠᠷ᠂  ᠭᠤᠣᠯᠳᠠᠯᠭ᠎ᠠ ᠶᠢ ᠨᠢ ᠠᠳᠬᠤᠨ᠂ ᠳᠠᠷᠤᠶ ᠡᠮ ᠢᠶᠠᠷ ᠡᠮᠨᠡᠯᠭᠡ ᠳᠡᠭᠡᠨ ᠨᠥᠬᠦᠪᠦᠷᠢ ᠪᠣᠯᠬᠤ ᠶᠢ ᠬᠦᠴᠦᠨ ᠦᠭᠡᠢ ᠪᠣᠯᠭᠠᠬᠤ ᠪᠠ ᠰᠦᠢᠳᠬᠡᠯ ᠥᠭᠬᠦ ᠠᠷᠭ᠎ᠠ ᠮᠠᠶ᠋ᠢᠭ ᠢ ᠦᠭᠡᠷᠡᠴᠢᠯᠡᠬᠦ ᠬᠡᠷᠡᠭᠲᠡᠢ᠃ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠪᠠ ᠵᠦᠶ ᠵᠣᠬᠢᠰᠲᠠᠶ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠵᠤ᠂ ᠠᠯᠤᠰ ᠤᠨ ᠬᠠᠷᠠᠴᠠ ᠪᠠᠷ ᠣᠳᠣᠬᠠᠨ ᠤ ᠥᠭᠡᠷᠡᠴᠢᠯᠡᠯᠲᠡ ᠶᠢ ᠦᠵᠡᠬᠦ ᠬᠡᠷᠡᠭᠲᠡᠢ︔  ᠬᠦᠴᠢᠷ ᠴᠢᠭ᠋ ᠢ ᠠᠳᠬᠤᠵᠤ᠂ ᠬᠦᠴᠦ ᠪᠠᠨ ᠲᠥᠪᠯᠡᠷᠡᠭᠦᠯᠦᠨ ᠰᠢᠪᠲᠤᠯᠵᠤ᠂ ᠨᠢᠭᠡᠳ ᠨᠢᠭᠡ ᠪᠠᠷ ᠰᠤᠳᠤᠯᠬᠤ ᠬᠡᠷᠡᠭᠲᠡᠢ᠂ ᠵᠢᠱᠢᠶᠡᠯᠡᠪᠡᠯ ᠠᠵᠢᠯᠲᠠᠨ ᠤ ᠶᠠᠪᠤᠳᠠᠯ ᠬᠥᠯᠥᠰᠥ ᠣᠯᠭᠤᠮᠵᠢ ᠶᠢᠨ ᠳᠦᠷᠢᠮ ᠢ ᠥᠭᠡᠷᠡᠴᠢᠯᠡᠬᠦ  ᠳᠤ ᠡᠮᠨᠡᠯᠭᠡ ᠶᠢᠨ ᠬᠤᠷᠢᠶ᠎ᠠ ᠤᠷᠢᠳᠠᠪᠠᠷ ᠳᠠᠩᠰᠠ ᠪᠠᠨ ᠰᠠᠶᠢᠲᠤᠷ ᠪᠣᠳᠣᠵᠤ᠂ ᠵᠢᠷᠭᠤᠭᠠᠨ ᠵᠦᠢᠯ ᠤᠨ ᠨᠥᠬᠦᠪᠦᠷᠢ ᠶᠢᠨ ᠶᠣᠰᠣᠭᠠᠷ ᠬᠡᠷᠬᠢᠨ ᠨᠥᠬᠦᠪᠥᠷᠢᠯᠡᠬᠦ ᠲᠠᠯ᠎ᠠ ᠪᠠᠷ ᠨᠢᠭᠡᠨ  ᠵᠣᠬᠢᠰᠲᠠᠶ ᠲᠥᠰᠦᠯ ᠳᠤᠷᠠᠳᠬᠤ ᠬᠡᠷᠡᠭᠲᠡᠶ᠃ ᠱᠠᠲᠤ ᠬᠤᠪᠢᠶᠠᠨ ᠣᠨᠣᠰᠢᠯᠠᠨ ᠡᠮᠴᠢᠯᠡᠬᠦ ᠲᠠᠯ᠎ᠠ ᠪᠠᠷ᠂ ᠱᠠᠲᠤ ᠪᠦᠷᠢ ᠶᠢᠨ ᠡᠭᠦᠷᠭᠡ ᠬᠠᠷᠢᠭᠤᠴᠠᠯᠭ᠎ᠠ ᠨᠢ ᠠᠯᠢ ᠨᠢᠭᠡ ᠲᠥᠷᠥᠯ ᠳᠤ ᠬᠠᠷᠢᠶᠠᠯᠠᠭᠳᠠᠬᠤ ᠶᠢ ᠲᠣᠭᠲᠠᠭᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠤᠪᠢᠶᠠᠷᠢᠯᠠᠬᠤ ᠬᠡᠷᠡᠭᠲᠡᠶ᠃ ᠣᠨᠴᠠᠯᠢᠭ ᠢ ᠠᠳᠬᠤᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠨᠡᠯᠢᠶᠡᠳ ᠲᠣᠪᠤᠶᠢᠮ᠎ᠠ ᠣᠨᠴᠠᠯᠢᠭ ᠪᠣᠯ ᠦᠨᠳᠦᠰᠦᠲᠡᠨ ᠤ ᠡᠮ ᠡᠮᠨᠡᠯᠭᠡ ᠪᠣᠯᠣᠨ᠎ᠠ᠂ ᠣᠳᠣᠬᠠᠨ᠎ᠠ ᠮᠣᠩᠭᠤᠯ ᠡᠮ ᠡᠮᠨᠡᠯᠭᠡ ᠶᠢᠨ ᠰᠢᠶᠠᠨ ᠰᠢᠶᠠᠩ ᠲᠤᠰᠬᠤᠨ ᠢ ᠨᠢᠭᠡ   ᠴᠣᠭᠴᠠᠵᠢᠭᠤᠯᠬᠤ ᠲᠤᠷᠰᠢᠯᠲᠠ ᠶᠢᠨ ᠴᠢᠭ᠋ ᠢ ᠶᠠᠭ ᠢᠳᠡᠪᠬᠢᠲᠡᠶ ᠬᠠᠶᠢᠨ ᠰᠦᠪᠡᠭᠴᠢᠯᠡᠵᠦ ᠪᠠᠶᠢᠨ᠎ᠠ᠂ ᠡᠯ᠎ᠡ ᠭᠠᠵᠠᠷ ᠣᠷᠣᠨ ᠲᠤᠰ ᠭᠠᠵᠠᠷ ᠣᠷᠣᠨ ᠤ ᠪᠠᠨ ᠣᠨᠴᠠᠯᠢᠭ ᠢ ᠠᠳᠬᠤᠵᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠡᠷᠡᠭᠲᠡᠢ︔ ᠲᠤᠷᠰᠢᠯᠲᠠ ᠶᠢᠨ ᠴᠢᠭ᠋ ᠢ ᠠᠳᠬᠤᠬᠤ ᠬᠡᠷᠡᠭᠲᠡᠶ᠂ ᠦᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠨᠠᠷᠢᠨ ᠰᠤᠳᠤᠯᠵᠤ᠂  ᠭᠤᠣᠯ ᠪᠠ ᠬᠦᠴᠢᠷ ᠲᠠᠢ ᠴᠢᠭ᠋ ᠢ ᠬᠤᠰᠢᠭᠤ ᠰᠢᠶᠠᠨ ᠳᠤ ᠬᠤᠪᠢᠶᠠᠨ ᠥᠭᠴᠦ ᠲᠤᠷᠰᠢᠯᠲᠠ ᠬᠢᠯᠭᠡᠵᠦ᠂ ᠠᠳᠠᠯᠢ ᠪᠤᠰᠤ ᠬᠤᠰᠢᠭᠤ ᠰᠢᠶᠠᠨ ᠠᠳᠠᠯᠢ ᠪᠤᠰᠤ ᠪᠡᠷᠬᠡ ᠰᠡᠳᠦᠪ ᠢ ᠲᠥᠪᠯᠡᠷᠡᠨ ᠰᠢᠪᠲᠤᠯᠵᠤ᠂ ᠤᠷᠢᠳᠠᠪᠡᠷ ᠲᠤᠷᠰᠢᠯᠲᠠ ᠬᠢᠵᠦ ᠂ ᠥᠭᠡᠷᠡᠴᠢᠯᠡᠯᠲᠡ ᠳᠤ ᠵᠠᠮ ᠳᠠᠭᠠᠭᠤᠯᠬᠤ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号