ᠥᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠥᠪᠯᠡᠯ ᠣᠷᠣᠨ ᠤ ᠬᠠᠷᠢᠶ᠎ᠠ ᠠᠵᠤ ᠠᠬᠤᠶᠢᠯᠠᠯ᠂ ᠠᠶᠢᠮᠠᠭ ᠬᠤᠲᠠ ᠶᠢᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ︽ᠲᠣᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾᠎ ᠶᠢ ᠲᠦᠯᠬᠢᠨ ᠠᠬᠢᠭᠤᠯᠬᠤ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2015/7/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠡᠯ᠎ᠡ ᠵᠦᠢᠯ ᠤᠨ ᠪᠠᠶᠢᠷᠢᠯᠠᠭᠤᠯᠤᠯᠲᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠲᠥᠪ ᠤᠨ ᠠᠵᠤ ᠠᠬᠤᠶᠢᠯᠠᠯ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠵᠢᠴᠢ ᠣᠯᠠᠨ ᠤᠯᠤᠰ ᠤᠨ ᠦᠢᠯᠡᠳᠪᠦᠷᠢᠯᠡᠬᠦ ᠴᠢᠳᠠᠪᠤᠷᠢ ᠬᠢᠭᠡᠳ ᠲᠤᠨᠤᠭ ᠲᠦᠬᠦᠭᠡᠷᠦᠮᠵᠢ ᠦᠢᠯᠡᠳᠬᠦ  ᠬᠠᠮᠲᠤᠷᠠᠯᠴᠠᠭ᠎ᠠ ᠳᠤ ᠣᠷᠤᠯᠴᠠᠬᠤ ᠶᠢ ᠲᠦᠯᠬᠢᠨ ᠠᠬᠢᠭᠤᠯᠬᠤ ᠠᠵᠢᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠬᠦᠴᠦᠯᠡᠨ ᠴᠣᠭᠴᠠᠯᠠᠨ ᠪᠠᠶᠢᠭᠤᠯᠵᠤ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠳᠡᠭᠡᠷ᠎ᠡ ᠬᠠᠭᠠᠰ ᠵᠢᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠵᠠᠳᠠᠯᠵᠤ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠪᠠᠶᠢᠷᠢᠯᠠᠭᠤᠯᠬᠤ ᠶᠢᠨ ᠲᠤᠰᠠᠳᠠ᠂ ᠡᠨᠡ ᠡᠳᠦᠷ ︵7 ᠳ᠋ᠤᠭᠠᠷ ᠰᠠᠷ᠎ᠠ ᠶᠢᠨ 21᠎ ᠤ ᠡᠳᠦᠷ ︶᠎ ᠤᠨ ᠦᠳᠡ ᠶᠢᠨ ᠡᠮᠦᠨ᠎ᠡ᠂ 2015 ᠣᠨ ᠤ ᠳᠡᠭᠡᠷ᠎ᠡ ᠬᠠᠭᠠᠰ ᠵᠢᠯ ᠤᠨ ᠣᠷᠣᠨ ᠤ ᠬᠠᠷᠢᠶ᠎ᠠ ᠠᠵᠤ ᠠᠬᠤᠶᠢᠯᠠᠯ᠂ ᠠᠶᠢᠮᠠᠭ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ︽ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ  ︾᠎ ᠶᠢ ᠲᠦᠯᠬᠢᠨ ᠠᠬᠢᠭᠤᠯᠬᠤ ᠠᠵᠢᠯ ᠤᠨ ᠬᠤᠷᠠᠯ ᠬᠢᠪᠡ᠃      ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠧᠶ ᠱᠤᠸᠠᠨ ᠱᠢ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ︽ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠲᠣᠭᠲᠠᠭᠤᠨ ᠨᠡᠮᠡᠭᠳᠡᠯ ᠢ ᠪᠦᠬᠦ ᠬᠦᠴᠦ ᠪᠠᠷ ᠠᠬᠢᠭᠤᠯᠬᠤ︔ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ  ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ︔ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ  ᠣᠯᠠᠨ ᠵᠦᠢᠯ ᠤᠨ ᠪᠦᠲᠦᠮᠵᠢᠲᠡᠶ  ᠂ ᠵᠡᠷᠭᠡ ᠪᠠᠷ ᠳᠠᠪᠰᠢᠬᠤ ᠪᠣᠳᠠᠲᠠᠶ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠳᠤᠷᠠᠳᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠧ ᠶᠥᠩ ᠲᠤᠤ ᠠᠴᠠ ᠠᠶᠢᠮᠠᠭ ᠬᠤᠲᠠ ᠪᠣᠯᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠪᠡᠯᠡ  ᠭᠠᠷᠭᠠᠨ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠡᠪᠲᠡᠷᠡᠭᠦᠯᠵᠦ᠂ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠴᠣᠭᠲᠤ ᠠᠴᠠ  ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠨ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ 2014 ᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠪᠠᠶᠢᠳᠠᠯ ᠢ ᠨᠡᠪᠲᠡᠷᠡᠭᠦᠯᠪᠡ᠃      ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ︽ᠤᠯᠤᠰ ᠤᠨ ᠥᠮᠴᠢᠯᠡᠯ ᠤᠨ ᠲᠣᠮᠣ ᠡᠳ᠋ ᠬᠥᠷᠥᠩᠭᠡ ᠎ ᠂ ᠨᠢᠭᠡᠨ ᠬᠥᠯᠭᠡ ᠰᠢᠲᠠᠷ᠎ᠠ ᠮᠡᠲᠦ ᠪᠠᠶᠢᠬᠤ︾ ᠶᠡᠷᠦᠩᠬᠡᠶ ᠠᠵᠢᠯ ᠤᠨ ᠰᠡᠳᠬᠢᠮᠵᠢ ᠶᠢᠨ ᠶᠤᠰᠣᠭᠠᠷ᠂ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠢᠳᠡᠪᠬᠢᠲᠡᠶ ᠬᠦᠴᠢᠷ ᠪᠡᠷᠬᠡᠰᠢᠶᠡᠯ ᠢ ᠢᠯᠠᠨ ᠳᠠᠪᠠᠵᠤ᠂  ︽ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠪᠠ ᠨᠢᠭᠡ ᠶᠡᠭᠡ ᠪᠦᠯᠦᠭ  ᠲᠣᠮᠤ ᠴᠢᠬᠤᠯᠠ ᠲᠥᠷᠥᠯ ᠵᠦᠢᠯ ᠤᠨ ᠵᠠᠯᠭ᠎ᠠ ᠪᠠᠷ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠳᠠᠭᠠᠯᠳᠤᠭᠤᠯᠤᠨ᠂ ᠪᠡᠯᠡ ᠭᠠᠷᠭᠠᠨ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠲᠣᠭᠲᠠᠭᠤᠨ ᠦᠢᠯᠡᠳᠪᠦᠷᠢᠯᠡᠯ ᠡᠵᠡᠩᠨᠡᠯᠲᠡ ᠶᠢ ᠤᠳᠤᠷᠢᠳᠤᠨ᠂ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠵᠤ᠂ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠦᠴᠦᠨ ᠢ ᠦᠷᠭᠦᠯᠵᠢᠯᠡᠨ  ᠪᠠᠳᠠᠷᠠᠭᠤᠯᠬᠤ ᠶᠢ ᠳᠠᠭᠠᠯᠳᠤᠭᠤᠯᠤᠨ᠂ ᠠᠵᠤ ᠠᠬᠤᠶ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠨ ᠪᠣᠯᠬᠤ ᠪᠠᠶᠢᠳᠠᠯ ᠤᠯᠠᠮ ᠠᠴᠠ ᠤᠯᠠᠮ ᠢᠯᠡᠷᠬᠡᠶ ᠪᠣᠯᠵᠤ᠂ ᠶᠡᠷᠦᠩᠭᠡᠢ ᠳᠡᠭᠡᠨ ᠲᠣᠭᠲᠠᠭᠤᠨ ᠠᠵᠢᠯᠯᠠᠭᠠᠨ‌ᠢ ᠪᠠᠲᠤᠯᠠᠵᠤ ᠪᠤᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号