ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠢ ᠶᠢᠨ ᠭᠤᠤᠯ | ᠠᠶᠢᠮᠠᠬ ᠤᠨ ᠡᠯ᠎ᠡ ᠵᠦᠢᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 25,023 ᠳ᠋ᠦᠩᠰᠢᠭᠤᠷ ᠲᠥᠭᠦᠷᠢᠭ | ᠪᠠᠭᠤᠯᠭᠠᠪᠠ᠃ ᠡᠳᠡᠭᠡᠷ ᠪᠡᠯᠡ ᠮᠥᠩᠭᠦ ᠳᠤ ᠭᠤᠷᠪᠠ ᠶᠢ ᠡᠷᠦᠬᠡ ᠳᠤ ᠬᠦᠷᠦᠭᠦᠯᠬᠦ ᠭᠤᠷᠪᠠ ᠶᠢ ᠲᠣᠰᠬᠤᠨ ᠳᠤ | ᠬᠦᠷᠦᠭᠦᠯᠬᠦ ᠶᠠᠳᠠᠭᠤ ᠶᠢ ᠲᠡᠳᠬᠦᠬᠦ ᠪᠡᠯᠡ ᠮᠥᠩᠭᠦ 11, 170 ᠲᠦᠮᠡᠨ ᠲᠥᠭᠦᠷᠢᠭ᠂ ᠬᠥᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ ᠶᠠᠳᠠᠭᠤ ᠶᠢ ᠲᠡᠳᠬᠦᠬᠦ ᠪᠡᠯᠡ ᠮᠥᠩᠭᠦ 1,124 ᠲᠦᠮᠡᠨ ᠲᠥᠭᠦᠷᠢᠭ᠂ ᠴᠥᠭᠡᠨ | ᠲᠤᠭᠠᠳᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ 4,034 ᠲᠦᠮᠡᠨ ᠲᠥᠭᠦᠷᠢᠭ᠂ ᠠᠮᠢ ᠠᠬᠤᠶ | ᠬᠡᠪᠡᠷᠡᠭ ᠭᠠᠵᠠᠷ ᠣᠷᠣᠨ ᠤ ᠠᠷᠠᠳ ᠢ ᠨᠡᠭᠦᠯᠭᠡᠬᠦ ᠶᠠᠳᠠᠭᠤ ᠶᠢ ᠲᠡᠳᠬᠦᠬᠦ ᠪᠡᠯᠡ ᠮᠥᠩᠭᠦ 7,195 ᠲᠦᠮᠡᠨ | ᠲᠥᠭᠦᠷᠢᠭ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ | ᠮᠥᠩᠭᠦ 1,500 ᠲᠦᠮᠡᠨ ᠲᠥᠭᠦᠷᠢᠭ ᠪᠠᠭᠲᠠᠨ᠎ᠠ᠃ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ | ᠴᠠᠭ ᠲᠤᠬᠠᠢ ᠲᠤᠨᠢ ᠪᠥᠭᠡᠳ ᠵᠢᠷᠤᠮᠵᠢᠯ ᠲᠠᠢ᠂ ᠠᠶᠤᠯ ᠦᠭᠡᠶ ᠪᠥᠭᠡᠳ ᠪᠦᠲᠦᠮᠵᠢᠲᠡᠶ ᠬᠡᠷᠡᠭᠯᠡᠬᠦ ᠶᠢ ᠦᠨᠡᠨᠬᠦ | ᠪᠠᠲᠤᠯᠠᠬᠤ ᠶᠢᠨ ᠲᠥᠯᠥᠭᠡ᠂ ᠠᠶᠢᠮᠠᠭ ᠤᠨ ᠡᠳ᠋ ᠤᠨ ᠵᠠᠰᠠᠭ ᠨᠢ ᠡᠯ᠎ᠡ ᠭᠠᠵᠠᠷ ᠤᠨ ᠬᠢᠨ ᠢ ᠳᠡᠭᠡᠳᠦ ᠬᠡᠮᠵᠢᠶᠡᠨ ᠤ | ᠤᠯᠤᠰ ᠲᠥᠷᠥ ᠶᠢᠨ ᠬᠠᠷᠢᠭᠤᠴᠠᠯᠭᠠᠲᠤ ᠪᠣᠳᠣᠯ ᠪᠠ ᠬᠠᠷᠢᠭᠤᠴᠠᠯᠭᠠᠲᠤ ᠰᠡᠳᠬᠢᠯᠭᠡ ᠪᠠᠷ᠂ ᠪᠡᠯᠡ ᠮᠥᠩᠭᠦ ᠬᠡᠷᠡᠭᠯᠡᠬᠦ | ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢ ᠲᠥᠷᠥᠯ ᠵᠦᠢᠯ ᠤᠨ ᠣᠷᠣᠨ ᠳᠤ ᠲᠦᠷᠭᠡᠬᠡᠨ ᠪᠠᠭᠤᠯᠭᠠᠵᠤ᠂ ᠲᠥᠷᠥᠯ | ᠵᠦᠢᠯ ᠢ ᠬᠡᠷᠡᠭᠵᠢᠭᠦᠯᠦᠭᠡᠳ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠢᠯᠡᠳᠪᠦᠷᠢᠯᠡᠯ᠂ ᠠᠮᠢᠳᠤᠷᠠᠯ ᠤᠨ | ᠣᠷᠴᠢᠨ ᠨᠦᠬᠦᠴᠡᠯ ᠢ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ | ᠠᠬᠤᠶ ᠪᠠ ᠨᠡᠶᠢᠭᠡᠮ ᠤᠨ ᠪᠦᠬᠦ ᠲᠠᠯ᠎ᠠ ᠪᠠᠷ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ |