2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠵᠢᠩᠬᠢᠨᠢ ᠠᠩᠭᠢ ᠶᠢᠨ ᠡᠯ᠎ᠡ ᠪᠦᠯᠦᠭ ᠤᠳᠠᠭ᠎ᠠ ᠪᠣᠯᠣᠨ ᠲᠤᠰᠬᠠᠢ | ᠮᠡᠷᠭᠡᠵᠢᠯ ᠤᠨ ᠤᠷᠢᠳᠴᠢᠯᠠᠭᠰᠠᠨ ᠪᠦᠯᠦᠭ ᠤᠨ ᠡᠯᠰᠡᠬᠦ ᠠᠵᠢᠯ ᠨᠢᠭᠡᠨᠲᠡ ᠳᠠᠭᠤᠰᠴᠤ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ 7 | ᠳ᠋ᠤᠭᠠᠷ ᠰᠠᠷ᠎ᠠ ᠶᠢᠨ 27 ᠤ ᠡᠳᠦᠷ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ ᠮᠡᠳᠡᠭᠦᠯᠦᠨ᠎ᠡ᠃ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠪᠦᠯᠦᠭ ᠪᠣᠯ ᠰᠤᠷᠤᠭᠴᠢ ᠡᠯᠰᠡᠬᠦ ᠰᠤᠷᠭᠠᠭᠤᠯᠢ ᠶᠢᠨ ᠬᠡᠪᠴᠢᠶ᠎ᠡ ᠨᠢ ᠬᠠᠮᠤᠭ ᠤᠨ ᠶᠡᠭᠡ᠂ | ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠨᠢ ᠬᠠᠮᠤᠭ ᠤᠨ ᠠᠷᠪᠢᠨ᠂ ᠰᠤᠷᠤᠭᠴᠢ ᠡᠯᠰᠡᠬᠦ ᠲᠥᠷᠥᠯ ᠵᠦᠢᠯ ᠤᠨ | ᠲᠠᠷᠬᠠᠯᠲᠠ ᠨᠢ ᠬᠠᠮᠤᠭ ᠤᠨ ᠦᠷᠭᠡᠨ ᠡᠯᠰᠡᠯᠲᠡ ᠶᠢᠨ ᠪᠦᠯᠦᠭ ᠤᠳᠠᠭ᠎ᠠ ᠪᠣᠯᠬᠤ ᠪᠠ 738 ᠰᠤᠷᠭᠠᠭᠤᠯᠢ | ᠰᠤᠷᠤᠭᠴᠢ ᠡᠯᠰᠡᠵᠦ᠂ 74879 ᠬᠥᠮᠦᠨ ᠡᠯᠰᠡᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ ᠣᠷᠣᠨ ᠤ ᠲᠤᠲᠤᠷ᠎ᠠ | 49936 ᠬᠥᠮᠦᠨ᠂ ᠣᠷᠣᠨ ᠤ ᠭᠠᠳᠠᠨ᠎ᠠ ᠠᠴᠠ 24943 ᠬᠥᠮᠦᠨ ᠡᠯᠰᠡᠨ᠎ᠡ︔ ᠰᠢᠯᠭᠠᠭᠤᠯᠤᠭᠰᠠᠨ ᠰᠠᠯᠠᠭ᠎ᠠ | ᠲᠥᠷᠥᠯ ᠢᠶᠠᠷ ᠨᠢ ᠬᠤᠪᠢᠶᠠᠷᠢᠯᠠᠪᠠᠯ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ 32882 ᠬᠥᠮᠦᠨ᠂ ᠡᠩ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ 29690 ᠬᠥᠮᠦᠨ᠂ ᠮᠣᠩᠭᠤᠯ ᠢᠶᠠᠷ ᠬᠢᠴᠢᠶᠡᠯᠡᠬᠦ ᠨᠡᠶᠢᠭᠡᠮ ᠤᠨ ᠰᠢᠨᠵᠢᠯᠡᠬᠦ | ᠤᠬᠠᠭᠠᠨ ᠤ 755 ᠬᠥᠮᠦᠨ᠂ ᠮᠣᠩᠭᠤᠯ ᠢᠶᠠᠷ ᠬᠢᠴᠢᠶᠡᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ 306 ᠬᠥᠮᠦᠨ᠂ | ᠬᠢᠲᠠᠳ ᠢᠶᠠᠷ ᠬᠢᠴᠢᠶᠡᠯᠡᠬᠦ ᠤᠷᠠᠨ ᠵᠢᠷᠤᠭ ᠤᠨ 1867 ᠬᠥᠮᠦᠨ᠂ ᠮᠣᠩᠭᠤᠯ ᠢᠶᠠᠷ ᠬᠢᠴᠢᠶᠡᠯᠡᠬᠦ ᠤᠷᠠᠨ ᠵᠢᠷᠤᠭ ᠤᠨ | 17 ᠬᠥᠮᠦᠨ᠂ ᠬᠢᠲᠠᠳ ᠢᠶᠠᠷ ᠬᠢᠴᠢᠶᠡᠯᠡᠬᠦ ᠳᠠᠭᠤᠤ ᠬᠥᠭᠵᠢᠮ ᠤᠨ 476 ᠬᠥᠮᠦᠨ᠂ ᠮᠣᠩᠭᠤᠯ ᠢᠶᠠᠷ ᠬᠢᠴᠢᠶᠡᠯᠡᠬᠦ | ᠳᠠᠭᠤᠤ ᠬᠥᠭᠵᠢᠮ ᠤᠨ 48 ᠬᠥᠮᠦᠨ᠂ ᠬᠢᠲᠠᠳ ᠢᠶᠠᠷ ᠬᠢᠴᠢᠶᠡᠯᠡᠬᠦ ᠤᠳᠤᠷᠢᠳᠤᠭᠠᠴᠢ ᠶᠢᠨ 38 ᠬᠥᠮᠦᠨ᠂ ᠪᠤᠰᠤᠳ | ᠤᠷᠠᠯᠢᠭ ᠤᠨ 477 ᠬᠥᠮᠦᠨ᠂ ᠮᠣᠩᠭᠤᠯ ᠢᠶᠠᠷ ᠬᠢᠴᠢᠶᠡᠯᠡᠬᠦ ᠪᠤᠰᠤᠳ ᠤᠷᠠᠯᠢᠭ ᠤᠨ 10 ᠬᠥᠮᠦᠨ᠂ ᠬᠢᠲᠠᠳ ᠢᠶᠠᠷ | ᠬᠢᠴᠢᠶᠡᠯᠡᠬᠦ ᠪᠡᠶ᠎ᠡ ᠶᠢᠨ ᠲᠠᠮᠢᠷ ᠤᠨ 234 ᠬᠥᠮᠦᠨ᠂ ᠮᠣᠩᠭᠤᠯ ᠢᠶᠠᠷ ᠬᠢᠴᠢᠶᠡᠯᠡᠬᠦ ᠪᠡᠶ᠎ᠡ ᠶᠢᠨ ᠲᠠᠮᠢᠷ ᠤᠨ 8 ᠬᠥᠮᠦᠨ᠂ | ᠺᠣᠮᠫᠢᠦ᠋ᠲ᠋ᠧᠷ ᠤᠨ ᠲᠥᠷᠥᠯ ᠤᠨ 924 ᠬᠥᠮᠦᠨ᠂ ᠲᠠᠷᠢᠶᠠᠯᠠᠩ ᠤᠨ ᠤᠬᠠᠭᠠᠨ ᠤ ᠲᠥᠷᠥᠯ ᠤᠨ 289 ᠬᠥᠮᠦᠨ᠂ | ᠮᠠᠯ ᠡᠮᠨᠡᠯᠭᠡ ᠶᠢᠨ ᠲᠥᠷᠥᠯ ᠤᠨ 53 ᠬᠥᠮᠦᠨ᠂ ᠬᠤᠭᠤᠯᠠ ᠬᠢᠬᠦ ᠲᠥᠷᠥᠯ ᠤᠨ 56 ᠬᠥᠮᠦᠨ᠂ ᠡᠳ᠋ ᠤᠨ ᠶᠠᠪᠤᠳᠠᠯ | ᠪᠠ ᠨᠢᠭᠲᠠᠯᠠᠨ ᠪᠣᠳᠣᠬᠤ ᠲᠥᠷᠥᠯ ᠤᠨ 1020 ᠬᠥᠮᠦᠨ᠂ ᠤᠷᠠᠨ ᠵᠢᠷᠤᠭ ᠵᠢᠷᠤᠭ ᠲᠥᠯᠥᠪᠯᠡᠭᠡ ᠶᠢᠨ ᠲᠥᠷᠥᠯ ᠤᠨ | 221 ᠬᠥᠮᠦᠨ᠂ ᠵᠢᠭᠤᠯᠴᠢᠯᠠᠯ ᠤᠨ ᠲᠥᠷᠥᠯ ᠤᠨ 393 ᠬᠥᠮᠦᠨ᠂ ᠮᠠᠰᠢᠨ ᠲᠡᠷᠭᠡ ᠶᠢᠨ ᠵᠢᠯᠣᠭᠤᠴᠢ ᠶᠢᠨ | ᠲᠥᠷᠥᠯ ᠤᠨ 334 ᠬᠥᠮᠦᠨ᠂ ᠪᠠᠷᠢᠯᠭ᠎ᠠ ᠶᠢᠨ ᠲᠥᠷᠥᠯ ᠤᠨ 466 ᠬᠥᠮᠦᠨ᠂ ᠮᠠᠰᠢᠨ ᠴᠠᠬᠢᠯᠭᠠᠨ ᠤ ᠲᠥᠷᠥᠯ ᠤᠨ | 703 ᠬᠥᠮᠦᠨ᠂ ᠮᠣᠩᠭᠤᠯ ᠮᠠᠯ ᠡᠮᠨᠡᠯᠭᠡ ᠶᠢᠨ ᠲᠥᠷᠥᠯ ᠤᠨ 8 ᠬᠥᠮᠦᠨ᠂ ᠬᠢᠮᠢ ᠶᠢᠨ ᠠᠵᠤ ᠦᠢᠯᠡᠳᠪᠦᠷᠢ ᠶᠢᠨ | ᠲᠥᠷᠥᠯ ᠤᠨ 94 ᠬᠥᠮᠦᠨ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠥᠷᠥᠯ ᠤᠨ 1690 ᠬᠥᠮᠦᠨ᠂ | ᠠᠨᠠᠭᠠᠬᠤ ᠤᠬᠠᠭᠠᠨ ᠤ ᠲᠥᠷᠥᠯ ᠤᠨ 1497 ᠬᠥᠮᠦᠨ᠂ ᠪᠡᠶ᠎ᠡ ᠶᠢᠨ ᠲᠠᠮᠢᠷ ᠤᠨ ᠲᠥᠷᠥᠯ ᠤᠨ 74 ᠬᠥᠮᠦᠨ᠂ | ᠬᠦᠳᠡᠷ ᠮᠠᠯᠲᠠᠬᠤ ᠲᠥᠷᠥᠯ ᠤᠨ 249 ᠬᠥᠮᠦᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠪᠦᠯᠦᠭ ᠤᠨ ᠡᠯᠰᠡᠯᠲᠡ ᠳᠠᠭᠤᠰᠤᠭᠰᠠᠨ ᠤ ᠳᠠᠷᠠᠭ᠎ᠠ ᠨᠥᠬᠦᠵᠦ ᠡᠯᠰᠡᠬᠦ ᠦᠭᠡᠢ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠢᠯᠭᠠᠭᠤᠯᠤᠭᠴᠢᠳ ᠲᠠᠭᠯᠠᠨ ᠮᠡᠳᠡᠭᠦᠯᠬᠦ ᠴᠠᠭ ᠢ ᠨᠢᠭᠲᠠ ᠠᠩᠬᠠᠷᠴᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ | ᠲᠤᠰᠬᠠᠶ ᠮᠡᠷᠭᠡᠵᠢᠯ︶ ᠤᠨ ᠰᠤᠷᠭᠠᠭᠤᠯᠢ ᠳᠤ ᠡᠯᠰᠡᠭᠳᠡᠬᠦ ᠲᠣᠬᠢᠶᠠᠯ ᠢ ᠠᠯᠳᠠᠬᠤ ᠠᠴᠠ ᠪᠠᠨ ᠪᠤᠯᠭᠤᠮᠵᠢᠯᠠᠭᠠᠷᠠᠢ ᠭᠡᠵᠦ | ᠰᠠᠨᠠᠭᠤᠯᠵᠤ ᠪᠠᠶᠢᠨ᠎ᠠ᠃ |