ᠬᠦᠯᠦᠨ ᠪᠤᠶᠢᠷ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2015/7/29
     ᠣᠶᠢᠷ᠎ᠠ ᠳᠤ᠂ ᠬᠦᠯᠦᠨ ᠪᠤᠶᠢᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠭᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠨᠡᠶᠢᠲᠡᠯᠡᠪᠡ᠂ ᠡᠨᠡ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠡᠷᠴᠢᠮ ᠢ  ᠤᠯᠠᠮ ᠨᠡᠮᠡᠭᠳᠡᠭᠦᠯᠵᠦ᠂ ᠬᠠᠣᠯᠢ ᠬᠡᠷᠡᠭᠵᠢᠭᠦᠯᠬᠦ ᠶᠢ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠵᠢᠭᠤᠯᠴᠢᠯᠠᠯ ᠤᠨ ᠬᠠᠤᠯᠢ  ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠪᠣᠯᠣᠨ ᠡᠵᠡᠩᠨᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠬᠥᠯᠥᠨ ᠪᠣᠶᠢᠷ ᠤᠨ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠦᠭᠵᠢᠬᠦ ᠶᠢ ᠲᠦᠯᠬᠢᠨ ᠠᠬᠢᠭᠤᠯᠵᠠᠢ᠃      ᠬᠥᠯᠥᠨ ᠪᠣᠶᠢᠷ ᠬᠤᠲᠠ ᠶᠠᠰᠤ ᠴᠢᠨᠠᠷ ᠤᠨ ᠬᠢᠨᠠᠯᠲᠠ ᠶᠢᠨ ᠬᠠᠤᠯᠢ ᠬᠡᠷᠡᠭᠵᠢᠭᠦᠯᠬᠦ ᠵᠢᠷᠤᠮᠵᠢᠯᠠᠭᠰᠠᠨ᠂  ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ  ᠴᠢᠩᠭᠠᠳᠬᠠᠨ᠂ ᠬᠠᠤᠯᠢ ᠬᠡᠷᠡᠭᠵᠢᠭᠦᠯᠬᠦ  ᠡᠷᠴᠢᠮ ᠢᠶᠠᠨ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ︽ᠠᠷᠠᠳ ᠲᠦᠮᠡᠨ ᠳᠤ ᠨᠡᠩ ᠲᠠᠭᠠᠰᠢᠶᠠᠭᠳᠠᠭᠰᠠᠨ︾ ᠵᠢᠭᠤᠯᠴᠢᠯᠠᠯ ᠤᠨ ᠦᠢᠯᠡᠴᠢᠯᠡᠭᠡᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ᠂ ︽ᠴᠢᠩᠭ᠎ᠠ ᠪᠠᠷ ᠬᠠᠮᠠᠭᠠᠯᠠᠵᠤ᠂ ᠨᠡᠭᠡᠭᠡᠯᠲᠡ ᠨᠢ  ᠬᠠᠮᠠᠭᠠᠯᠠᠯᠲᠠ ᠶᠢ ᠳᠠᠭᠠᠬᠤ︾ ᠵᠠᠷᠴᠢᠮ ᠢ ᠪᠠᠷᠢᠮᠲᠠᠯᠠᠵᠤ᠂ ᠡᠬᠢ ᠪᠠᠶᠠᠯᠢᠭ ᠢ ᠨᠡᠭᠡᠭᠡᠨ ᠬᠠᠮᠢᠶᠠᠷᠬᠤ ᠪᠠ ᠲᠥᠷᠥᠯ ᠵᠦᠢᠯ ᠢ  ᠨᠣᠲᠠᠯᠠᠬᠤ ᠶᠢ ᠦᠨᠡᠨᠬᠦ ᠴᠢᠩᠭᠠᠳᠬᠠᠵᠤ᠂ ᠰᠣᠬᠤᠷ ᠪᠠᠯᠠᠢ ᠪᠠᠷ ᠨᠡᠭᠡᠭᠡᠬᠦ᠂ ᠡᠬᠢ ᠪᠠᠶᠠᠯᠢᠭ ᠢ ᠪᠦᠷᠢᠯᠭᠡᠬᠦ᠂ ᠳᠠᠪᠲᠠᠨ ᠪᠦᠲᠦᠭᠡᠨ ᠪᠠᠶᠢᠭᠤᠯᠬᠤ ᠶᠢ ᠡᠷᠡᠰ  ᠲᠡᠪᠴᠢᠵᠠᠢ᠃ ᠵᠢᠭᠤᠯᠴᠢᠯᠠᠯ ᠤᠨ ᠠᠮᠤᠷ ᠲᠥᠪᠰᠢᠨ ᠤ ᠲᠠᠯ᠎ᠠ ᠪᠠᠷ᠂ ᠵᠢᠭᠤᠯᠴᠢᠯᠠᠯ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ᠂ ᠵᠢᠭᠤᠯᠴᠢᠯᠠᠯ ᠤᠨ ᠦᠵᠡᠮᠵᠢᠲᠤ ᠣᠷᠣᠨ ᠤ ᠠᠮᠤᠷ ᠲᠥᠪᠰᠢᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠠᠴᠠ ᠭᠠᠷᠳᠠᠵᠤ᠂ ᠬᠠᠭᠤᠷᠴᠤ ᠮᠡᠬᠡᠯᠡᠬᠦ ᠵᠡᠷᠭᠡ ᠬᠠᠣᠯᠢ ᠪᠤᠰᠤ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ  ᠴᠢᠩᠭ᠎ᠠ ᠴᠣᠬᠢᠯᠲᠠ ᠥᠭᠴᠦ᠂ ᠪᠦᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠤᠯᠠᠮ ᠨᠢᠭᠡ ᠠᠯᠬᠤᠮ ᠴᠡᠪᠡᠷᠰᠢᠭᠦᠯᠪᠡ᠃ ᠡᠨᠡ ᠵᠢᠯ  ᠤᠨ 5 ᠳ᠋ᠤᠭᠠᠷ ᠰᠠᠷ᠎ᠠ ᠶᠢᠨ 18᠎ ᠤ ᠡᠳᠦᠷ ᠠᠴᠠ ᠡᠬᠢᠯᠡᠭᠡᠳ᠂ ᠬᠥᠯᠥᠨ ᠪᠣᠶᠢᠷ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠪᠦᠬᠦ ᠬᠤᠲᠠ ᠶᠢᠨ ᠬᠡᠪᠴᠢᠶᠡᠨ ᠳᠤ ᠵᠦᠢ ᠵᠣᠬᠢᠰ ᠦᠭᠡᠢ ᠳᠣᠣᠷ᠎ᠠ ᠦᠨ᠎ᠡ ᠬᠠᠩᠰᠢ ᠶᠢ  ᠬᠤᠷᠢᠭᠯᠠᠬᠤ ᠲᠣᠰᠬᠠᠢ ᠴᠡᠭᠴᠡᠯᠡᠬᠦ ᠠᠵᠢᠯᠯᠠᠭ᠎ᠠ ᠦᠷᠨᠢᠭᠦᠯᠪᠡ᠃ ᠵᠢᠭᠤᠯᠴᠢᠯᠠᠯ ᠡᠵᠡᠩᠨᠡᠭᠴᠢᠳ ᠲᠤ ︽ᠪᠦᠯᠬᠦᠮ ᠤᠨ  ᠰᠦᠢᠳᠬᠡᠯ  ᠦᠯᠦ ᠬᠤᠷᠢᠶᠠᠬᠤ︾᠂ ︽ᠣᠨᠴᠠ ᠦᠨ᠎ᠡ ᠬᠠᠩᠰᠢ︾ ᠵᠡᠷᠭᠡ ᠬᠤᠳᠠᠯ ᠬᠠᠭᠤᠷᠮᠠᠭ᠂ ᠪᠤᠰᠤᠳ ᠢ ᠪᠤᠷᠤᠭᠤ ᠪᠠᠷ ᠣᠶᠢᠯᠠᠭᠠᠭᠤᠯᠬᠤ ᠦᠨ᠎ᠡ ᠬᠠᠩᠰᠢ ᠪᠠᠷ ᠵᠢᠭᠤᠯᠴᠢᠯᠠᠭᠴᠢᠳ ᠲᠤ ᠤᠬᠠᠭᠤᠯᠬᠤ᠂  ᠤᠷᠢᠵᠤ ᠢᠷᠡᠬᠦ ᠪᠠ ᠵᠣᠬᠢᠶᠠᠨ ᠪᠠᠶᠢᠭᠤᠯᠬᠤ ᠵᠡᠷᠭᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠳᠤ ᠲᠤᠰᠬᠠᠢ ᠪᠠᠶᠢᠴᠠᠭᠠᠯᠲᠠ ᠬᠢᠪᠡ᠃ ᠲᠣᠰᠬᠠᠢ ᠠᠵᠢᠯᠯᠠᠭ᠎ᠠ ᠶᠢᠨ ᠪᠠᠶᠢᠴᠠᠭᠠᠯᠲᠠ ᠠᠴᠠ ᠨᠠᠰᠢ᠂ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠣᠯᠢ ᠬᠡᠷᠡᠭᠵᠢᠭᠦᠯᠬᠦ ᠠᠵᠢᠯᠲᠠᠳ ᠨᠢᠰᠭᠡᠯ ᠤᠨ ᠪᠠᠭᠤᠳᠠᠯ᠂ ᠵᠢᠭᠤᠯᠴᠢᠯᠠᠯ ᠤᠨ ᠥᠷᠲᠡᠭᠡ᠂ ᠵᠠᠮᠴᠢᠯᠠᠭᠴᠢ ᠵᠡᠷᠭᠡ ᠳᠤ ᠲᠤᠰ ᠲᠤᠰ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠦᠯᠢᠶᠡᠨ ᠠᠪᠬᠤ ᠭᠡᠷ᠎ᠡ᠂ ᠦᠨ᠎ᠡ ᠬᠠᠩᠰᠢ ᠶᠢᠨ ᠳᠠᠩᠰᠠ ᠳᠤ ︽ᠪᠦᠯᠬᠦᠮ ᠤᠨ ᠰᠦᠢᠳᠬᠡᠯ ᠦᠯᠦ ᠬᠤᠷᠢᠶᠠᠬᠤ︾᠂ ᠶᠠᠭᠤᠮ᠎ᠠ ᠬᠤᠳᠠᠯᠳᠤᠨ ᠠᠪᠬᠤ ᠶᠢ ᠲᠣᠬᠢᠷᠠᠭᠤᠯᠬᠤ ᠪᠤᠶᠤ ᠬᠡᠯᠪᠡᠷᠢ ᠶᠢ ᠬᠤᠪᠢᠷᠠᠭᠤᠯᠤᠨ ᠰᠦᠢᠳᠬᠡᠯ ᠬᠤᠷᠢᠶᠠᠬᠤ ᠵᠡᠷᠭᠡ ᠲᠠᠯ᠎ᠠ ᠶᠢᠨ ᠪᠠᠶᠢᠳᠠᠯ ᠣᠷᠣᠰᠢᠵᠤ ᠪᠠᠶᠢᠬᠤ ᠡᠰᠡᠬᠦ ᠳᠤ ᠨᠠᠷᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠵᠢᠭᠤᠯᠴᠢᠯᠠᠭᠴᠢᠳ ᠠᠴᠠ   ᠪᠦᠯᠬᠦᠮ ᠳᠤ ᠣᠷᠣᠯᠴᠠᠬᠤ ᠰᠦᠢᠳᠬᠡᠯ ᠵᠠᠷᠤᠳᠠᠯ ᠵᠢᠴᠢ ᠦᠢᠯᠡᠴᠢᠯᠡᠭᠡᠨ ᠤ ᠶᠠᠰᠤ  ᠴᠢᠨᠠᠷ ᠤᠨ ᠪᠠᠶᠢᠳᠠᠯ ᠢ ᠯᠠᠪᠯᠠᠨ ᠠᠰᠠᠭᠤᠪᠠ᠃      ᠲᠤᠰ ᠲᠣᠭᠲᠠᠴᠠ ᠨᠢ ︽ᠵᠢᠭᠤᠯᠴᠢᠯᠠᠯ ᠤᠨ ᠬᠠᠣᠯᠢ︾᠎ ᠶᠢᠨ ᠱᠠᠭᠠᠷᠳᠠᠯᠭ᠎ᠠ ᠶᠤᠰᠤᠭᠠᠷ᠂ ︽ᠵᠠᠰᠠᠭ ᠤᠨ ᠣᠷᠳᠣᠨ ᠤ  ᠲᠠᠯ᠎ᠠ ᠠᠴᠠ ᠪᠠᠶᠢᠭᠤᠯᠤᠨ ᠬᠤᠯᠪᠣᠭᠳᠠᠯ ᠪᠦᠬᠦᠢ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠪᠠᠷ ᠪᠦᠷᠢᠯᠳᠦᠭᠰᠡᠨ ᠶᠡᠷᠦᠩᠭᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠪᠣᠯᠣᠨ ᠨᠢᠭᠡᠳᠦᠯᠳᠡᠢ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠬᠤ ᠪᠠᠶᠢᠭᠤᠯᠤᠮᠵᠢ ᠪᠠᠶᠢᠭᠤᠯᠵᠤ︾᠂ ᠬᠠᠮᠢᠶ᠎ᠠ ᠪᠦᠬᠦᠢ ᠵᠢᠭᠤᠯᠴᠢᠯᠠᠯ ᠤᠨ ᠡᠵᠡᠩᠨᠡᠭᠴᠢᠳ ᠤᠨ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠨᠡᠶᠢᠯᠡᠮᠡᠯ ᠬᠦᠴᠦ ᠶᠢ ᠪᠦᠷᠢᠯᠳᠦᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠤᠨ ᠵᠢᠷᠤᠮᠵᠢᠯ ᠢ ᠪᠠᠲᠤᠯᠠᠵᠤ᠂ ᠵᠢᠭᠤᠯᠴᠢᠯᠠᠭᠴᠢᠳ ᠪᠣᠯᠣᠨ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠵᠠᠢ᠃      ᠬᠦᠯᠦᠨ ᠪᠣᠶᠢᠷ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠭᠡᠶᠢᠯᠡᠭᠰᠡᠨ ᠬᠠᠣᠯᠢ  ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠣᠭᠤᠶᠢᠯᠠᠩ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠠᠵᠢᠯ ᠢ ᠨᠢᠭᠡᠳᠦᠯᠲᠡᠢ ᠤᠳᠤᠷᠢᠳᠤᠨ᠎ᠠ᠃ ᠤᠳᠤᠷᠢᠳᠬᠤ ᠳᠣᠭᠤᠶᠢᠯᠠᠩ ᠤᠨ ᠪᠦᠷᠢᠯᠳᠦᠬᠦᠨ ᠰᠠᠯᠠᠭ᠎ᠠ ᠮᠦᠴᠢᠷ ᠨᠢ ᠬᠤᠲᠠ ᠶᠢᠨ ᠥᠭᠡᠷᠡᠴᠢᠯᠡᠯᠲᠡ ᠬᠦᠭᠵᠢᠭᠦᠯᠦᠯᠲᠡ ᠶᠢᠨ ᠵᠥᠪᠯᠡᠯ᠂ ᠵᠢᠭᠤᠯᠴᠢᠯᠠᠯ ᠤᠨ ᠲᠣᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠤᠷ ᠲᠥᠪᠰᠢᠨ ᠤ ᠬᠢᠨᠠᠯᠲᠠ ᠲᠠᠯᠪᠢᠬᠤ ᠲᠣᠪᠴᠢᠶ᠎ᠠ᠂ ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠶᠤᠯ ᠰᠣᠨᠢᠨ ᠮᠡᠳᠡᠭᠡ ᠷᠠᠳᠢᠣ᠋ ᠲᠧᠯᠸᠢᠰ ᠤᠨ ᠲᠣᠪᠴᠢᠶ᠎ᠠ᠂  ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ᠂ ᠪᠣᠯᠪᠠᠰᠤᠨ ᠰᠤᠷᠳᠠᠯ ᠤᠨ ᠠᠯᠪᠠᠨ ᠭᠡᠷ᠂ ᠡᠳᠦᠷ ᠤᠨ ᠰᠣᠨᠢᠨ ᠤ ᠬᠤᠷᠢᠶ᠎ᠠ᠂ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ᠂ ᠬᠤᠲᠠ ᠶᠢᠨ ᠭᠠᠯ ᠤᠨᠲᠠᠷᠠᠭᠠᠬᠤ ᠰᠠᠯᠪᠤᠷᠢ ᠠᠩᠭᠢ ᠪᠠᠷ ᠪᠦᠷᠢᠯᠳᠦᠵᠡᠢ᠃      ᠲᠤᠰ ᠲᠣᠭᠲᠠᠴᠠ ᠪᠠᠶᠢᠭᠤᠯᠤᠭᠳᠠᠭᠰᠠᠨ ᠤ ᠳᠠᠷᠠᠭ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠣᠭᠤᠶᠢᠯᠠᠩ ᠨᠢ ᠵᠢᠭᠤᠯᠴᠢᠨ ᠳᠤ ᠦᠢᠯᠡᠴᠢᠯᠡᠬᠦ ᠭᠠᠵᠠᠷ ᠤᠨ ᠵᠠᠬ᠎ᠠ ᠳᠡᠯᠭᠡᠭᠦᠷ ᠢ ᠤᠷᠲᠤ ᠬᠤᠭᠤᠴᠠᠭ᠎ᠠ ᠪᠠᠷ ᠭᠤᠣᠯᠳᠠᠯᠭ᠎ᠠ ᠲᠠᠢ ᠴᠡᠭᠴᠡᠯᠡᠨ᠂ ᠵᠢᠭᠤᠯᠴᠢᠨ ᠳᠤ ᠦᠢᠯᠡᠴᠢᠯᠡᠬᠦ ᠭᠠᠵᠠᠷ ᠲᠤ ᠣᠷᠣᠰᠢᠵᠤ ᠪᠠᠶᠢᠭ᠎ᠠ ︽ᠵᠦᠢ ᠵᠣᠬᠢᠰ ᠦᠭᠡᠢ ᠳᠣᠣᠷ᠎ᠠ ᠦᠨ᠎ᠡ︾᠂ ︽ᠬᠠᠷ᠎ᠠ ᠲᠡᠷᠬᠡ︾ ︽ᠬᠠᠷ᠎ᠠ ᠵᠠᠮᠴᠢᠯᠠᠭᠴᠢ︾᠎ ᠂ ᠵᠢᠭᠤᠯᠴᠢᠯᠠᠭᠴᠢᠳ ᠲᠤ ᠬᠤᠳᠠᠯ ᠬᠠᠭᠤᠷᠮᠠᠭ ᠵᠢᠭᠤᠯᠴᠢᠯᠠᠯ ᠤᠨ ᠮᠡᠳᠡᠭᠡ ᠵᠠᠩᠭᠢ ᠪᠣᠯᠣᠨ ᠵᠠᠷ ᠮᠡᠳᠡᠭᠡ ᠶᠢᠨ ᠤᠬᠠᠭᠤᠯᠭ᠎ᠠ ᠬᠠᠩᠭᠠᠬᠤ ᠵᠡᠷᠭᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠵᠠᠮᠴᠢᠯᠠᠭᠴᠢ ᠶᠢᠨ ᠪᠦᠯᠬᠦᠮ ᠳᠠᠭᠠᠭᠤᠯᠤᠨ ᠦᠢᠯᠡᠴᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ︔ ᠪᠠᠭᠤᠳᠠᠯ ᠤᠨ ᠦᠨ᠎ᠡ ᠬᠠᠩᠰᠢ᠂ ᠵᠢᠭᠤᠯᠴᠢᠯᠠᠯ ᠤᠨ ᠲᠡᠷᠬᠡ ᠬᠦᠰᠬᠡ ᠵᠢᠴᠢ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠲᠠᠯᠠᠪᠠᠢ ᠵᠡᠷᠭᠡ ᠦᠢᠯᠡᠴᠢᠯᠡᠭᠡᠨ ᠤ ᠴᠣᠩᠬᠤ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠴᠡᠭᠴᠡᠯᠡᠬᠦ ᠪᠠ ᠵᠢᠷᠤᠮᠵᠢᠭᠤᠯᠤᠨ᠎ᠠ︔ ᠵᠢᠭᠤᠯᠴᠢᠯᠠᠯ ᠤᠨ ᠦᠵᠡᠮᠵᠢᠲᠦ ᠣᠷᠣᠨ ︵ᠴᠢᠭ᠋︶᠎ ᠤ ᠡᠮᠬᠢ ᠵᠢᠷᠤᠮ ᠢ ᠴᠡᠭᠴᠡᠯᠡᠬᠦ ᠪᠠ ᠵᠢᠷᠤᠮᠵᠢᠭᠤᠯᠤᠨ᠎ᠠ᠃ ᠣᠨᠴᠠᠭᠠᠶᠢᠯᠠᠨ A ᠲᠡᠰ ᠤᠨ ᠦᠵᠡᠮᠵᠢᠲᠦ ᠣᠷᠣᠨ᠂ ᠣᠳᠣᠨ ᠳᠡᠰ ᠤᠨ ᠬᠤᠭᠤᠯᠠᠨ ᠭᠡᠷ᠂ ᠵᠢᠭᠤᠯᠴᠢᠨ ᠳᠤ ᠦᠢᠯᠡᠴᠢᠯᠡᠬᠦ ᠭᠠᠵᠠᠷ᠂  ᠬᠦᠮᠦᠨ ᠣᠯᠠᠨ ᠴᠤᠭᠯᠠᠷᠠᠬᠤ ᠲᠠᠯᠠᠪᠠᠢ ᠭᠠᠵᠠᠷ ᠪᠣᠯᠣᠨ ᠲᠡᠷᠭᠡ ᠬᠦᠯᠦᠰᠦᠯᠡᠬᠦ  ᠠᠵᠢᠯᠯᠠᠭ᠎ᠠ ᠵᠡᠷᠭᠡ ᠶᠢ ᠴᠢᠩᠭ᠎ᠠ ᠪᠠᠶᠢᠴᠠᠭᠠᠵᠤ᠂ ᠵᠢᠭᠤᠯᠴᠢᠯᠠᠯ ᠤᠨ ᠬᠦᠭᠵᠢᠯᠲᠡᠢ ᠴᠠᠭ ᠲᠤ  ᠳᠤᠷ᠎ᠠ ᠪᠠᠷ ᠦᠨ᠎ᠡ ᠦᠰᠬᠡᠬᠦ᠂ ᠳᠤᠷ᠎ᠠ ᠪᠠᠷ ᠵᠣᠭᠤᠰ ᠬᠤᠷᠢᠶᠠᠬᠤ᠂ ᠵᠣᠴᠢᠳ ᠢ ᠬᠢᠬᠠᠬᠤ᠂ ᠵᠣᠴᠢᠳ ᠢ ᠮᠡᠭᠡᠯᠡᠬᠦ᠂ ᠦᠢᠯᠡᠴᠢᠯᠡᠭᠡᠨ ᠤ ᠶᠠᠰᠣ ᠴᠢᠨᠠᠷ ᠮᠠᠭᠤ᠂ ᠣᠷᠴᠢᠨ ᠲᠣᠭᠤᠷᠢᠨ ᠤ ᠠᠷᠢᠭᠤᠨ ᠴᠡᠪᠡᠷ ᠬᠢᠷᠢ ᠳᠤ ᠲᠡᠩᠴᠡᠬᠦ ᠦᠭᠡᠢ ᠪᠦᠭᠡᠳ ᠠᠮᠤᠷ ᠲᠥᠪᠰᠢᠨ ᠤ ᠳᠠᠯᠳᠠ ᠭᠡᠮ  ᠣᠷᠣᠰᠢᠵᠤ ᠪᠠᠶᠢᠭ᠎ᠠ ᠦᠵᠡᠮᠵᠢᠲᠦ ᠣᠷᠣᠨ ᠪᠣᠯᠣᠨ ᠵᠣᠴᠢᠳ ᠤᠨ ᠪᠠᠭᠤᠳᠠᠯ ᠢ ᠬᠠᠶᠢᠷ᠎ᠠ ᠨᠠᠶᠢᠷ ᠦᠭᠡᠢ ᠴᠢᠩᠭ᠎ᠠ ᠪᠠᠶᠢᠴᠠᠭᠠᠵᠤ᠂ ᠦᠷᠭᠡᠨ ᠣᠯᠠᠨ ᠵᠢᠭᠤᠯᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃      ᠡᠭᠦᠨ ᠠᠴᠠ ᠭᠠᠳᠠᠨ᠎ᠠ᠂ ᠰᠤᠨᠢᠨ ᠮᠡᠳᠡᠭᠡ ᠶᠢᠨ ᠶᠠᠷᠢᠶ᠎ᠠ ᠬᠡᠯᠡᠯᠴᠡᠭᠡᠨ ᠤ ᠬᠦᠲᠦᠯᠦᠮᠵᠢ ᠪᠣᠯᠣᠨ ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ᠲᠤᠰᠬᠠᠢ ᠪᠤᠯᠦᠩ ᠲᠤᠬᠠᠢ ᠰᠡᠳᠦᠪ ᠨᠡᠭᠡᠭᠡᠵᠦ᠂ ᠵᠢᠷᠤᠮᠵᠢᠭᠰᠠᠨ ᠬᠠᠮᠢᠶᠠᠷᠤᠯᠲᠠ ᠪᠣᠯᠣᠨ ᠲᠤᠲᠤᠨᠤᠰᠤᠭ ᠦᠢᠯᠡᠴᠢᠯᠡᠭᠡᠨ ᠤ ᠨᠡᠶᠢᠲᠡᠯᠢᠭ ᠬᠡᠷᠡᠭ ᠶᠠᠪᠤᠳᠠᠯ ᠢ ᠤᠬᠠᠭᠤᠯᠤᠨ᠂ ᠵᠢᠭᠤᠯᠴᠢᠯᠠᠯ ᠤᠨ ᠲᠦᠷᠢ ᠳᠦᠷᠬᠦ ᠶᠢ ᠬᠦᠨᠳᠦ ᠨᠣᠴᠢᠲᠠᠢ ᠨᠥᠯᠥᠭᠡᠯᠡᠭᠰᠡᠨ ᠦᠢᠯᠡ ᠠᠵᠢᠯᠯᠠᠭ᠎ᠠ ᠶᠢ ᠨᠡᠶᠢᠲᠡᠯᠡᠨ ᠢᠯᠡᠴᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号