ᠡᠨᠡ ᠵᠢᠯ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠲᠠ ᠰᠢᠶᠠᠨ ᠤ ᠱᠠᠲᠤᠨ ᠤ ᠬᠠᠳᠠᠭᠠᠯᠠᠮᠵᠢ ᠶᠢᠨ ᠡᠳ᠋ ᠤᠨ ᠵᠠᠰᠠᠭ ᠤᠨ ᠲᠤᠰᠬᠠᠢ | ᠡᠷᠦᠭᠡ ᠶᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠪᠠᠶᠢᠳᠠᠯ ᠤᠨ ᠲᠣᠬᠠᠢ ᠮᠡᠳᠡᠭᠳᠡᠯ︾ ︵ ᠥᠪᠥᠷ ᠡᠳ᠋ | ᠬᠦᠮᠦᠷᠭᠡ ﹇2014﹈ 2225 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠤᠨ ᠲᠣᠭᠲᠠᠭᠠᠭᠰᠠᠨ ᠬᠢᠵᠠᠭᠠᠷᠲᠤ ᠬᠤᠭᠤᠴᠠᠭ᠎ᠠ ᠲᠤᠲᠤᠷ᠎ᠠ ᠡᠳ᠋ ᠤᠨ | ᠵᠠᠰᠠᠭ ᠤᠨ ᠲᠤᠰᠬᠠᠢ ᠡᠷᠦᠭᠡ ᠶᠢ ᠬᠠᠰᠤᠬᠤ ᠪᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠨᠢᠭᠡᠳᠬᠡᠬᠦ ᠠᠵᠢᠯ ᠢ | ᠬᠤᠭᠤᠴᠠᠭ᠎ᠠ ᠶᠤᠰᠤᠭᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠤᠲᠠ ᠶᠢᠨ ᠲᠤᠰ ᠱᠠᠲᠤᠨ ᠤ ᠨᠢᠭᠡᠨᠲᠡ | ᠨᠡᠭᠡᠭᠡᠭᠰᠡᠨ ᠪᠤᠰᠤᠳ ᠡᠳ᠋ ᠤᠨ ᠵᠠᠰᠠᠭ ᠤᠨ ᠲᠤᠰᠬᠠᠢ ᠡᠷᠦᠭᠡ ᠳᠤ ᠪᠦᠬᠦ ᠲᠠᠯ᠎ᠠ ᠶᠢᠨ ᠴᠡᠪᠡᠷᠯᠡᠨ ᠴᠡᠭᠴᠡᠯᠡᠯᠲᠡ ᠬᠢᠵᠦ᠂ | ᠰᠢᠤᠳᠠᠨ ᠬᠠᠳᠠᠭᠠᠯᠠᠮᠵᠢ ᠶᠢᠨ ᠪᠠᠩᠬᠢ ᠳᠤ ᠲᠦᠷ ᠴᠠᠭ ᠨᠡᠭᠡᠭᠡᠭᠰᠡᠨ ᠬᠤᠲᠠ ᠶᠢᠨ ᠲᠤᠰ ᠱᠠᠲᠤᠨ ᠤ | ᠰᠤᠷᠭᠠᠭᠤᠯᠢ ᠶᠢᠨ ᠠᠮᠤᠷ ᠲᠥᠪᠰᠢᠨ ᠤ ᠢᠨᠵᠧᠨᠧᠷᠢᠩ ᠤᠨ ᠲᠤᠰᠬᠠᠢ ᠡᠷᠦᠬᠡ ᠪᠣᠯᠣᠨ ᠪᠣᠤ ᠱᠠᠩ ᠪᠠᠩᠬᠢ ᠳᠤ | ᠨᠡᠭᠡᠭᠡᠭᠰᠡᠨ ᠪᠡᠭᠡᠵᠢᠩ ᠤᠨ ᠰᠢᠰᠲ᠋ᠧᠮ ᠢᠶᠠᠷ ᠢᠶᠠᠨ ᠳᠡᠳᠬᠦᠬᠦ ᠪᠡᠯᠡ ᠮᠥᠩᠭᠦ ᠶᠢᠨ ᠲᠤᠰᠬᠠᠢ ᠡᠷᠦᠭᠡ ᠶᠢ ᠬᠠᠰᠤᠵᠤ᠂ | ᠥᠪᠥᠷ ᠮᠣᠩᠭᠤᠯ ᠪᠠᠩᠬᠢ ᠳᠤ ᠨᠡᠭᠡᠭᠡᠭᠰᠡᠨ ᠬᠦᠬᠡᠬᠤᠲᠠ ᠠᠴᠠ ᠴᠢᠭᠤᠯᠭᠠᠲᠤ ᠬᠠᠭᠠᠯᠭ᠎ᠠ ᠬᠦᠷᠬᠦ ᠠᠶᠠᠨᠴᠢᠳ ᠤᠨ | ᠲᠡᠭᠡᠭᠡᠪᠦᠷᠢ ᠶᠢᠨ ᠲᠤᠰᠬᠠᠢ ᠱᠤᠭᠤᠮ ᠤᠨ ᠭᠠᠵᠠᠷ ᠰᠢᠷᠤᠢ ᠲᠠᠲᠠᠪᠤᠷᠢᠯᠠᠬᠤ ᠨᠤᠷᠠᠭᠠᠵᠤ ᠨᠡᠭᠦᠯᠭᠡᠬᠦ ᠪᠡᠯᠡ ᠮᠥᠩᠭᠦ ᠶᠢᠨ | ᠬᠤᠪᠢᠶᠠᠷᠢ ᠳᠠᠩᠰᠠᠨ ᠡᠷᠦᠬᠡ ᠶᠢ ᠬᠠᠰᠤᠵᠤ᠂ ᠤᠤᠯ ᠳᠠᠩᠰᠠᠨ ᠡᠷᠦᠬᠡ ᠶᠢᠨ ᠲᠤᠭᠠᠴᠠᠭᠠᠯᠠᠭᠰᠠᠨ ᠪᠡᠯᠡ ᠮᠥᠩᠭᠦ ᠶᠢ | ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠵᠣᠬᠢᠴᠠᠩᠭᠤᠢ ᠪᠠᠷ ᠳᠠᠩᠰᠠ ᠬᠤᠪᠢᠶᠠᠨ ᠬᠢᠨᠠᠨ ᠪᠤᠳᠤᠭᠰᠠᠨ ᠪᠤᠶᠤ | ᠤᠯᠤᠰ ᠤᠨ ᠬᠦᠮᠦᠷᠭᠡ ᠳᠤ ᠣᠷᠣᠭᠤᠯᠪᠠ᠃ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠤᠰᠬᠠᠢ | ᠡᠷᠦᠬᠡ ᠶᠢ ᠤᠯᠠᠮ ᠨᠢᠭᠡ ᠠᠯᠬᠤᠮ ᠴᠡᠪᠡᠷᠯᠡᠨ ᠴᠡᠭᠴᠡᠯᠡᠭᠰᠡᠨ ᠶᠠᠪᠤᠳᠠᠯ ᠨᠢ ᠬᠤᠲᠠ ᠶᠢᠨ ᠲᠤᠰ ᠱᠠᠲᠤᠨ ᠤ ᠡᠳ᠋ ᠤᠨ | ᠵᠠᠰᠠᠭ ᠤᠨ ᠲᠤᠰᠬᠠᠢ ᠡᠷᠦᠬᠡ ᠶᠢᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠵᠤ᠂ ᠡᠳ᠋ ᠤᠨ ᠵᠠᠰᠠᠭ ᠤᠨ ᠬᠢᠨᠠᠯᠲᠠ | ᠬᠠᠮᠢᠶᠠᠷᠤᠯᠲᠠ ᠳᠤ ᠠᠰᠢᠭ ᠲᠠᠢ ᠪᠠᠶᠢᠯᠭᠠᠵᠤ᠂ ᠪᠡᠯᠡ ᠮᠥᠩᠭᠦ ᠶᠢᠨ ᠠᠰᠢᠭᠯᠠᠮᠵᠢ ᠪᠣᠯᠣᠨ ᠠᠮᠤᠷ ᠲᠥᠪᠰᠢᠨ ᠢ | ᠳᠡᠭᠡᠭᠰᠢᠯᠡᠭᠦᠯᠪᠡ᠃ |