ᠣᠷᠳᠣᠰ ᠬᠤᠲᠠ ︽ᠭᠤᠷᠪᠠᠨ ᠲᠦᠷᠦᠯ ᠤᠨ ᠪᠤᠯᠪᠠᠰᠤᠷᠠᠭᠤᠯᠤᠯ︾᠎ ᠢᠶᠠᠷ ᠮᠠᠯᠵᠢᠬᠤ ᠲᠠᠷᠢᠶᠠᠯᠠᠬᠤ ᠤᠷᠤᠨ ᠤ ᠦᠯᠡᠭᠦᠦ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2015/7/3
     ᠡᠨᠡ ᠵᠢᠯ᠂ ᠣᠷᠳᠣᠰ ᠬᠤᠲᠠ ︽ᠭᠤᠷᠪᠠᠨ ᠲᠦᠷᠦᠯ ᠤᠨ ᠪᠤᠯᠪᠠᠰᠤᠷᠠᠭᠤᠯᠤᠯ︾ ᠲᠤᠬᠠᠶᠢᠯᠠᠪᠠᠯ᠂ ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠭᠤᠯᠤᠯ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠤᠯᠪᠠᠰᠤᠷᠠᠭᠤᠯᠤᠯ ᠪᠤᠯᠤᠨ ᠠᠵᠢᠯ ᠤᠨ  ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠭᠤᠯᠤᠯ ᠤᠨ ᠪᠦᠲᠦᠮᠵᠢᠲᠡᠶ ᠪᠣᠯᠪᠠᠰᠤᠷᠠᠭᠤᠯᠬᠤ ᠬᠡᠯᠪᠡᠷᠢ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠦᠯᠡᠭᠦᠦ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠬᠤ ᠶᠢ ᠠᠬᠢᠭᠤᠯᠪᠠ᠃ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3401 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠤᠷᠤᠯᠴᠠᠭᠤᠯᠵᠤ᠂ ᠤᠨ ᠤ ᠡᠭᠦᠷᠭᠡ ᠶᠢᠨ ᠢᠶᠠᠨ 36.2 %᠎ ᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 140%᠎ ᠪᠠᠷ ᠨᠡᠮᠡᠭᠳᠡᠪᠡ᠃ ᠡᠭᠦᠨ ᠳᠤ 3141 ᠬᠥᠮᠦᠨ ᠳ᠋ᠥ ᠠᠵᠢᠯ ᠤᠯᠭᠤᠵᠤ᠂ ᠪᠤᠯᠪᠠᠰᠤᠷᠠᠭᠤᠯᠤᠭᠰᠠᠨ ᠤ ᠳᠠᠷᠠᠭ᠎ᠠ ᠠᠵᠢᠯ ᠤᠯᠬᠤ ᠨᠤᠷᠮ᠎ᠠ 92.4%᠎ ᠳᠤ ᠬᠦᠷᠪᠡ      ᠬᠠᠮᠤᠭ ᠤᠨ ᠲᠡᠷᠢᠭᠦᠨ ᠳᠤ ᠵᠠᠬᠢᠶᠠᠯᠠᠭ᠎ᠠ ᠲᠠᠢ ᠬᠠᠨᠳᠤᠯᠭ᠎ᠠ ᠲᠠᠢ ᠪᠤᠯᠪᠠᠰᠤᠷᠠᠭᠤᠯᠤᠯ ᠬᠦᠷᠲᠡᠭᠡᠪᠡ᠃ ᠮᠠᠯᠴᠢᠨ ᠲᠠᠷᠢᠶᠠᠴᠢᠨ ᠤ ᠬᠥᠳᠡᠯᠮᠦᠷᠢ ᠬᠦᠴᠦᠨ ᠢ ᠰᠢᠯᠵᠢᠭᠦᠯᠬᠦ ᠪᠠᠶᠢᠳᠠᠯ ᠢ ᠦᠨᠳᠦᠰᠦᠯᠡᠨ᠂ ᠣᠷᠳᠣᠰ ᠬᠤᠲᠠ ᠠᠵᠤ ᠠᠬᠤᠶᠢᠯᠠᠯ ᠯᠤᠭ᠎ᠠ ᠠᠵᠢᠯ ᠣᠯᠭᠤᠬᠤ ᠪᠤᠯᠵᠤᠭ᠎ᠠ ᠲᠤᠭᠲᠠᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠦᠨᠳᠦᠰᠦᠯᠡᠨ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ ᠪᠠᠷ ᠪᠣᠯᠪᠠᠰᠤᠷᠠᠭᠤᠯᠬᠤ ᠬᠢᠴᠢᠶᠡᠯ ᠲᠤᠬᠢᠷᠠᠭᠤᠯᠵᠤ᠂ ᠬᠠᠨᠳᠤᠯᠭ᠎ᠠ ᠲᠠᠢ ᠪᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠠᠵᠢᠯ ᠤᠯᠬᠤ ᠨᠤᠷᠮ᠎ᠠ ᠶᠢ ᠳᠡᠭᠡᠭᠰᠢᠯᠡᠭᠦᠯᠵᠠᠢ᠃      ᠳᠠᠷᠠᠭ᠎ᠠ ᠨᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠠᠳᠠᠯᠢ ᠪᠤᠰᠤ ᠨᠠᠰᠤ ᠵᠢᠯ᠂ ᠠᠳᠠᠯᠢ ᠪᠤᠰᠤ ᠰᠣᠶᠣᠯ ᠤᠨ  ᠬᠡᠮᠵᠢᠶ᠎ᠡ ᠵᠡᠷᠭᠡ ᠪᠠᠶᠢᠳᠠᠯ ᠢᠶᠠᠷ ᠲᠥᠷᠥᠯ ᠬᠤᠪᠢᠶᠠᠨ ᠪᠤᠯᠪᠠᠰᠤᠷᠠᠭᠤᠯᠪᠠ᠃ ᠰᠣᠶᠣᠯ ᠤᠨ ᠬᠢᠷᠢ ᠬᠡᠮᠵᠢᠶ᠎ᠡ ᠳᠣᠣᠷ᠎ᠠ ᠰᠢᠭ᠋ ᠬᠥᠮᠦᠨ ᠳᠤ ᠴᠢᠭᠯᠡᠭᠦᠯᠦᠨ ᠣᠷᠴᠢᠨ ᠲᠣᠭᠤᠷᠢᠨ ᠡᠷᠡᠭᠦᠯ ᠬᠠᠮᠠᠭᠠᠯᠠᠯ᠂ ᠭᠡᠷ ᠠᠬᠤᠶ ᠶᠢᠨ ᠦᠢᠯᠡᠴᠢᠯᠡᠭᠡ᠂ ᠰᠤᠪᠢᠯᠠᠬᠤ ᠠᠵᠢᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠤᠯᠪᠠᠰᠤᠷᠠᠭᠤᠯᠵᠤ᠂ ᠲᠣᠭᠲᠠᠭᠤᠨ ᠠᠵᠢᠯ ᠲᠠᠢ᠂ ᠲᠣᠭᠲᠠᠭᠤᠨ ᠴᠠᠯᠢᠩ ᠲᠠᠢ ᠪᠤᠯᠭᠠᠬᠤ ᠶᠢ ᠦᠨᠡᠨ ᠬᠦ ᠪᠠᠲᠤᠯᠠᠪᠠ᠃ ᠠᠩᠬ᠎ᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠᠨ ᠲᠡᠭᠦᠰᠦᠭᠡᠳ ᠬᠢᠴᠢᠶᠡᠯ ᠰᠤᠷᠤᠯᠭ᠎ᠠ ᠪᠠᠨ ᠦᠷᠭᠦᠯᠵᠢᠯᠡᠭᠦᠯᠵᠤ ᠳᠡᠶᠢᠯᠬᠦ ᠦᠬᠡᠢ ᠵᠠᠯᠠᠭᠤ ᠮᠠᠯᠴᠢᠨ ᠲᠠᠷᠢᠶᠠᠴᠢᠨ ᠳᠤ ᠴᠢᠭᠯᠡᠭᠦᠯᠦᠨ᠂ ᠵᠢᠱᠢᠶᠡᠯᠡᠪᠡᠯ ᠬᠤᠭᠤᠯᠠ ᠬᠢᠬᠦ᠂ ᠵᠢᠯᠣᠭᠤᠳᠬᠤ᠂ ᠮᠠᠰᠢᠨ ᠲᠡᠷᠭᠡ ᠵᠠᠰᠠᠬᠤ ᠵᠡᠷᠭᠡ ᠵᠠᠷᠢᠮ ᠤᠷ᠎ᠠ ᠴᠢᠳᠠᠪᠤᠷᠢ ᠶᠢᠨ ᠴᠢᠨᠠᠷ ᠢᠶᠠᠷ ᠨᠡᠯᠢᠶᠡᠳ ᠴᠢᠩᠭ᠎ᠠ ᠪᠣᠯᠪᠠᠰᠤᠷᠠᠯ ᠤᠨ ᠠᠩᠭᠢ ᠶᠢ ᠭᠤᠣᠯᠳᠠᠯᠭ᠎ᠠ ᠲᠠᠢ ᠡᠷᠬᠢᠯᠡᠨ᠂ ᠨᠢᠭᠡ ᠵᠦᠢᠯ ᠤᠨ ᠤᠷ᠎ᠠ ᠴᠢᠳᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠪᠠ᠃      ᠭᠤᠷᠪᠠᠳᠤᠭᠠᠷ ᠲᠤ ᠠᠵᠢᠯ ᠤᠨ ᠪᠠᠶᠢᠷᠢᠨ ᠳᠠᠬᠢ ᠤᠷ᠎ᠠ ᠴᠢᠳᠠᠪᠤᠷᠢ ᠶᠢ ᠳᠡᠭᠡᠭᠰᠢᠯᠡᠬᠦᠯᠬᠦ ᠪᠤᠯᠪᠠᠰᠤᠷᠠᠭᠤᠯᠤᠯ ᠬᠦᠷᠲᠡᠭᠡᠪᠡ᠃ ᠠᠵᠤ ᠠᠬᠤᠶᠢᠯᠠᠯ ᠤᠨ ᠬᠥᠭᠵᠢᠯᠲᠡ ᠪᠤᠯᠤᠨ ᠠᠵᠢᠯ ᠤᠨ ᠪᠠᠶᠢᠷᠢᠨ ᠳᠤ ᠪᠠᠶᠢᠭ᠎ᠠ ᠮᠠᠯᠴᠢᠨ ᠲᠠᠷᠢᠶᠠᠴᠢᠨ ᠠᠵᠢᠯᠴᠢᠨ ᠤ ᠠᠵᠢᠯ ᠤᠨ ᠬᠡᠷᠡᠭᠴᠡᠭᠡ ᠲᠠᠢ ᠤᠶᠠᠯᠳᠤᠭᠤᠯᠤᠨ  ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠢᠴᠢᠶᠡᠯ ᠨᠡᠭᠡᠭᠡᠵᠤ᠂ ᠠᠵᠢᠯ ᠤᠨ ᠪᠠᠶᠢᠷᠢᠨ ᠳᠤ ᠪᠠᠶᠢᠭ᠎ᠠ ᠬᠥᠯᠥᠰᠥᠨ ᠠᠵᠢᠯᠴᠢᠨ ᠢ ᠬᠠᠪᠰᠤᠷᠴᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠪᠣᠯᠪᠠᠰᠤᠷᠠᠯ ᠳᠤ ᠣᠷᠣᠯᠴᠠᠭᠰᠠᠳ ᠲᠤ ᠲᠤᠰᠬᠠᠶ ᠲᠦᠷᠦᠯ ᠤᠨ ᠴᠢᠳᠠᠪᠤᠷᠢ ᠶᠢ ᠬᠢᠨᠠᠨ ᠲᠤᠭᠲᠠᠭᠠᠵᠤ᠂ ᠲᠡᠳᠡᠨ ᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠵᠤ᠂ ᠲᠣᠭᠲᠠᠪᠤᠷᠢᠲᠠᠶ ᠠᠵᠢᠯ ᠤᠯᠬᠤ᠂ ᠮᠡᠳᠡᠯᠭᠡ ᠴᠢᠳᠠᠪᠤᠷᠢ ᠪᠠᠷ ᠠᠵᠢᠯ ᠤᠯᠬᠤ ᠶᠢ ᠎ ᠨᠢ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号