6 ᠳ᠋ᠤᠭᠠᠷ ᠰᠠᠷ᠎ᠠ ᠶᠢᠨ 30 ᠤ ᠡᠳᠦᠷ᠂ ᠦᠪᠤᠷ ᠮᠤᠩᠭᠤᠯ ᠤᠨ ᠦᠡᠭᠬᠡ ᠬᠡᠷᠡᠯᠲᠦ ᠦᠢᠯᠡᠰ ᠢ | ᠠᠬᠢᠭᠤᠯᠬᠤ ᠨᠡᠶᠢᠬᠡᠮᠯᠢᠭ᠂ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠦᠪᠡᠷᠳᠡᠬᠡᠨ | ᠵᠠᠰᠠᠬᠤ ᠤᠷᠤᠨ ᠤ ᠶᠠᠳᠠᠭᠤ ᠶᠢ ᠲᠡᠳᠭᠦᠬᠦ ᠰᠠᠭᠤᠷᠢ ᠮᠦᠡᠭᠬᠦᠨ ᠤ ᠨᠡᠶᠢᠬᠡᠮᠯᠢᠭ ᠠᠴᠠ ᠡᠭᠦᠰᠬᠡᠨ ᠡᠷᠬᠢᠯᠡᠭᠰᠡᠡ ᠦᠪᠤᠷ | ᠮᠤᠩᠭᠤᠯ ᠤᠨ ︽ᠬᠡᠷᠡᠯ ᠬᠡᠬᠡ ᠤᠯᠭᠤᠬᠤ︾ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠷᠠᠰᠢᠶᠠᠨ ᠬᠤᠳᠠ ᠳᠤ | ᠡᠬᠢᠯᠡᠵᠡᠢ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠢᠬᠡᠳᠦᠮᠡᠯ | ᠹᠷᠤᠨᠲ ᠤᠨ ᠬᠡᠯᠳᠡᠰ ᠤᠨ ᠲᠠᠷᠤᠭ᠎ᠠ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ︽ᠬᠡᠷᠡᠯ ᠬᠡᠬᠡ | ᠤᠯᠭᠤᠬᠤ︾ ᠡᠮ ᠡᠮᠨᠡᠯᠬᠡ ᠶᠢᠨ ᠠᠩᠬᠢ ᠳᠤ ᠲᠤᠭ ᠭᠠᠷᠳᠠᠭᠤᠯᠤᠭᠰᠠᠨ ᠪᠦᠬᠡᠳ ᠡᠮᠨᠡᠯᠬᠡ ᠶᠢᠨ ᠬᠤᠷᠢᠶ᠎ᠠ ᠳᠤ ᠬᠦᠷᠴᠦ | ᠴᠠᠭᠠᠨ ᠬᠠᠷᠠᠩ ᠤᠯᠤᠭᠰᠠᠨ ᠡᠪᠡᠳᠴᠢᠳᠡᠳ ᠢ ᠪᠤᠯᠭᠤᠭᠠᠨ ᠦᠵᠡᠵᠡᠢ᠃ | ᠦᠨᠳᠦᠷᠯᠢᠭ ᠤᠨ ᠬᠤᠷᠴᠡ ᠬᠡᠷᠡᠯ ᠪᠠ ᠰᠡᠯᠬᠢ ᠤᠯᠠᠨ ᠪᠦᠰᠠ ᠳᠤ ᠤᠷᠤᠰᠢᠵᠤ ᠪᠠᠶᠢᠭ᠎ᠠ ᠠᠴᠠ ᠮᠠᠨ ᠤ | ᠤᠷᠤᠨ ᠤ ᠮᠠᠯᠵᠢᠬᠤ ᠲᠠᠷᠢᠶᠠᠯᠠᠬᠤ ᠤᠷᠤᠨ ᠤᠨᠴᠠᠭᠠᠢᠢᠯᠠᠨ ᠶᠠᠳᠠᠭᠤ ᠬᠤᠴᠤᠷᠤᠩᠭᠤᠢ ᠤᠷᠤᠨ ᠳᠤ ᠨᠢᠳᠦᠨ ᠤ ᠴᠠᠭᠠᠨ | ᠬᠠᠷᠠᠩ ᠤᠨ ᠡᠪᠡᠳᠴᠢᠳᠡᠨ ᠤᠯᠠᠰᠢᠷᠠᠵᠦ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠴᠠ ᠡᠨᠡᠬᠦ ᠠᠰᠠᠭᠤᠳᠠᠯ ᠢ ᠬᠦᠨᠳᠦᠳᠭᠡᠨ ᠦᠵᠡᠵᠤ᠂ ︽ᠬᠡᠷᠡᠯ ᠬᠡᠬᠡ ᠤᠯᠭᠤᠬᠤ︾ | ᠠᠵᠢᠯᠯᠠᠭ᠎ᠠ ᠶᠢ ᠡᠭᠦᠰᠬᠡᠠ ᠵᠤᠬᠢᠶᠠᠨ ᠪᠠᠶᠢᠭᠤᠯᠤᠭᠰᠠᠨ ᠪᠠᠶᠢᠭᠤᠯᠤᠯᠭ᠎ᠠ ᠶᠢᠨ ᠬᠢᠨ ᠨᠡᠶᠢᠬᠡᠮ ᠤᠨ ᠬᠦᠴᠦᠨ ᠢ | ᠨᠡᠶᠢᠳᠬᠡᠵᠦ᠂ ᠬᠤᠶᠠᠷ ᠵᠢᠯ ᠤᠨ ᠴᠠᠭ ᠢ ᠬᠡᠷᠡᠭᠰᠡᠵᠦ ᠪᠦᠬᠦ ᠤᠷᠤᠨ ᠳᠤ ᠴᠠᠭᠠᠨ ᠬᠠᠷᠠᠩ ᠤᠨ ᠳᠦᠮᠡᠨ | ᠡᠪᠡᠳᠴᠢᠳᠡᠨ ᠳᠤ ᠡᠷᠡᠭᠦᠯᠵᠢᠬᠦᠯᠬᠦ ᠮᠡᠰᠡ ᠵᠠᠰᠠᠯ ᠬᠢᠵᠦ᠂ ᠶᠠᠳᠠᠭᠤ ᠬᠤᠴᠤᠷᠤᠩᠭᠤᠢ ᠤᠷᠤᠨ ᠤ ᠴᠠᠭᠠᠨ ᠬᠠᠷᠠᠩ ᠤᠨ | ᠡᠪᠡᠳᠴᠢᠳᠡᠨ ᠳᠤ ᠲᠠᠬᠢᠨᠳᠠ ᠬᠠᠷᠠᠭ᠎ᠠ ᠤᠷᠤᠭᠤᠯᠬᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠪᠠᠷ ᠪᠤᠯᠪᠠ᠃ | ᠲᠤᠰ ᠤᠳᠠᠭᠠᠨ ᠤ ︽ᠬᠡᠷᠡᠯ ᠬᠡᠬᠡ ᠤᠯᠭᠤᠬᠤ︾ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠳᠤ ᠬᠢᠨᠭ᠍ᠭᠠᠨ | ᠠᠶᠢᠮᠠᠭ ᠤᠨ 371 ᠴᠠᠭᠠᠨ ᠬᠠᠷᠠᠩ ᠤᠨ ᠡᠪᠡᠳᠴᠢᠳᠡᠨ ᠡᠷᠠᠭᠦᠯᠵᠢᠬᠦᠯᠬᠦ ᠮᠠᠰᠠ ᠵᠠᠰᠠᠯ ᠬᠢᠯᠭᠡᠬᠦ ᠪᠤᠯᠤᠨ᠎ᠠ᠃ |