ᠠᠯᠠᠱᠨ ᠠᠶᠢᠮᠠᠭ ᠰᠤᠷᠭᠠᠨ ᠬᠥᠮᠦᠵᠢᠯ ᠤᠨ ᠲᠥᠷᠥᠯ ᠵᠦᠢᠯ ᠤᠨ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢ 1848 ᠲᠥᠮᠡᠨ ᠲᠥᠭᠦᠷᠢᠭ ᠣᠯᠪᠠ
ᠨᠡᠶᠢᠲᠡᠯᠡᠭᠰᠡᠨ ᠴᠠᠭ᠄
2015/7/30
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠠᠯᠠᠱᠠ ᠠᠶᠢᠮᠠᠭ ᠤᠨ ᠬᠥᠳᠡᠭᠡ ᠲᠣᠰᠬᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ᠂ ᠬᠥᠳᠡᠭᠡ ᠲᠣᠰᠬᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠢᠨᠵᠧᠨᠧᠷᠢᠩ ᠤᠨ 2015 ᠣᠨ ᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠵᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠷ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠠᠯ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠷ᠂ ᠠᠯᠠᠱᠠ ᠵᠡᠭᠦᠨ ᠬᠤᠰᠢᠭᠤᠨ ᠤ ᠣᠯᠠᠨᠪᠤᠯᠠᠭ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠰᠤᠷᠤᠭᠴᠢᠳ ᠤᠨ ᠪᠠᠶᠢᠷᠢ᠂ ᠠᠯᠠᠱᠠ ᠵᠡᠭᠦᠨ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠷ ᠤᠨ ᠪᠦᠲᠦᠭᠡᠨ ᠪᠠᠶᠢᠭᠤᠯᠤᠯᠲᠠ ᠬᠢᠭᠡᠳ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠶᠢᠨ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ ᠵᠡᠷᠭᠡ ᠪᠡᠯᠡᠳᠬᠡᠮᠵᠢ ᠶᠢᠨ ᠰᠢᠪᠡᠷ ᠰᠢᠷᠤᠢ ᠶᠢᠨ ᠪᠠᠷᠢᠯᠭ᠎ᠠ ᠶᠢᠨ ᠠᠵᠢᠯ ᠪᠣᠯᠣᠨ ᠴᠢᠬᠤᠯᠠ ᠪᠦᠬᠦᠢ ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠬᠦ ᠳᠤ ᠬᠡᠷᠡᠭᠯᠡᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠨᠡᠶᠢᠲᠡ1848 ᠲᠥᠮᠡᠨ ᠲᠥᠭᠦᠷᠢᠭ ᠪᠠᠭᠤᠯᠭᠠᠪᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠪᠠᠯ ᠠᠯᠠᠱᠨ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠢᠭᠡᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠥᠬᠦᠴᠡᠯ ᠪᠠᠷᠤᠭᠲᠠᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号