2015 ᠣᠨ ᠤ ᠳᠡᠭᠡᠷ᠎ᠡ ᠬᠠᠭᠠᠰ ᠵᠢᠯ ᠳᠤ᠂ ᠣᠷᠳᠣᠰ ᠬᠤᠲᠠ ᠶᠢᠨ ᠡᠯ᠎ᠡ ᠭᠠᠵᠠᠷ ᠤᠨ ᠬᠢᠨ ᠲᠠᠷᠢᠶᠠᠯᠠᠬᠤ | ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠨᠡ ᠬᠦ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠲᠦᠷᠭᠡᠳᠬᠡᠬᠦ ᠪᠠ ᠨᠠᠶᠢᠳᠠᠪᠤᠷᠢᠵᠢᠭᠤᠯᠬᠤ ᠶᠢ ᠲᠡᠷᠢᠭᠦᠨ ᠵᠡᠷᠭᠡ ᠶᠢᠨ ᠶᠡᠭᠡ ᠶᠠᠪᠤᠳᠠᠯ | ᠪᠣᠯᠭᠠᠨ ᠠᠳᠬᠤᠵᠤ᠂ ᠪᠦᠬᠦ ᠬᠤᠲᠠ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠠᠵᠢᠯ ᠤᠨ ᠬᠤᠭᠤᠴᠠᠭ᠎ᠠ ᠶᠢ | ᠠᠳᠬᠤᠨ᠂ ᠶᠠᠰᠤ ᠴᠢᠨᠠᠷ ᠢ ᠠᠳᠬᠤᠨ᠂ ᠡᠯ᠎ᠡ ᠵᠦᠢᠯ ᠤᠨ ᠪᠡᠯᠡ ᠮᠥᠩᠭᠦ ᠲᠠᠯᠪᠢᠬᠤ ᠶᠢ ᠪᠦᠬᠦ ᠬᠦᠴᠦ ᠪᠠᠷ ᠢᠶᠠᠨ | ᠲᠣᠬᠢᠷᠠᠭᠤᠯᠤᠨ᠂ ᠡᠯ᠎ᠡ ᠵᠦᠢᠯ ᠤᠨ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤᠨᠢ ᠪᠦᠲᠦᠭᠡᠨ ᠪᠠᠶᠢᠭᠤᠯᠬᠤ ᠶᠢ | ᠦᠨᠡᠨ ᠬᠦ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠣᠷᠳᠣᠰ ᠬᠤᠲᠠ ᠶᠢᠨ ︽ᠠᠷᠪᠠ ᠪᠠᠷ | ᠪᠦᠬᠦᠨ ᠢ ᠬᠠᠮᠤᠷᠬᠤ︾ ᠪᠦᠲᠦᠭᠡᠨ ᠪᠠᠶᠢᠭᠤᠯᠤᠯᠲᠠ ᠳᠤ᠂ 1.8 ᠲᠦᠮᠡᠨ ᠡᠷᠦᠬᠡ ᠶᠢᠨ ᠨᠤᠷᠠᠬᠤ ᠠᠶᠤᠯᠲᠠᠶ ᠭᠡᠷ | ᠪᠠᠶᠢᠰᠢᠩ ᠢ ᠰᠢᠨᠡᠳᠬᠡᠨ ᠵᠠᠰᠠᠬᠤ ᠪᠠᠷᠢᠯᠭ᠎ᠠ ᠶᠢ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠢᠯ | ᠡᠬᠢᠯᠡᠭᠦᠯᠦᠭᠰᠡᠨ ᠨᠣᠷᠮ᠎ᠠ 78.2% ᠲᠤ ᠬᠦᠷᠪᠡ᠂ ᠡᠭᠦᠨ ᠳᠤ 0.55 ᠲᠦᠮᠡᠨ ᠡᠷᠦᠬᠡ ᠶᠢᠨ ᠨᠤᠷᠠᠬᠤ ᠠᠶᠤᠯᠲᠠᠶ | ᠭᠡᠷ ᠪᠠᠶᠢᠰᠢᠩ ᠢ ᠰᠢᠨᠡᠳᠬᠡᠨ ᠵᠠᠰᠠᠬᠤ ᠪᠠᠷᠢᠯᠭ᠎ᠠ ᠶᠢ ᠨᠢᠭᠡᠨᠲᠡ ᠪᠠᠷᠢᠯᠭ᠎ᠠ ᠳᠠᠭᠤᠰᠬᠠᠨ᠂ ᠠᠵᠢᠯ ᠡᠬᠢᠯᠡᠭᠦᠯᠦᠭᠰᠡᠨ | ᠲᠥᠷᠥᠯ ᠵᠦᠢᠯ ᠪᠠ ᠪᠦᠬᠦ ᠵᠢᠯ ᠤᠨ ᠲᠥᠯᠥᠪᠯᠡᠭᠡᠨ ᠤ ᠡᠭᠦᠷᠭᠡ ᠶᠢᠨ 30.5% ᠪᠠ 23.9% ᠶᠢ ᠡᠵᠡᠯᠡᠪᠡ᠃ 6 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ | ᠵᠠᠰᠠᠬᠤ ᠪᠡᠯᠡ ᠣᠷᠣᠭᠤᠯᠤᠯᠲᠠ ᠶᠢ ᠨᠡᠶᠢᠲᠡ 10 9.28 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ | ᠲᠥᠯᠥᠪᠯᠡᠭᠡᠨ ᠤ ᠡᠭᠦᠷᠭᠡ ᠶᠢᠨ 56.6% ᠶᠢ ᠪᠡᠶᠡᠯᠡᠭᠦᠯᠪᠡ᠃ |