︽ᠨᠠᠢᠮᠠᠳᠤᠭᠠᠷ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠳᠤ᠂ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠭᠤᠣᠯᠯᠠᠨ ᠡᠷᠭᠢᠯᠡᠵᠦ᠂ ᠬᠥᠬᠡᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ | ᠲᠢᠶᠠᠨ ᠢᠤᠢ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ | ᠳᠠᠭᠠᠭᠠᠨ ᠡᠷᠬᠢᠯᠡᠭᠰᠡᠨ᠂ ︽ᠨᠠᠢᠮᠠᠳᠤᠭᠠᠷ ᠰᠠᠷ᠎ᠠ ᠶᠢᠨ ᠨᠢᠭᠡᠨ ᠤ ᠪᠡᠯᠡᠭ · ᠴᠡᠷᠢᠭ ᠢᠶᠠᠨ ᠬᠦᠷᠢᠶᠡᠯᠡᠨ ᠠᠷᠠᠳ ᠢᠶᠠᠨ | ᠬᠠᠶᠢᠷᠠᠯᠠᠬᠤ · ᠬᠠᠮᠲᠤ ᠪᠠᠷ ᠲᠠᠪᠴᠠᠩ ᠪᠠᠶᠢᠭᠤᠯᠬᠤ · ᠡᠷᠬᠢᠯᠡᠭᠰᠡᠨ ᠠᠵᠢᠯ ᠤᠨ ᠲᠦᠯᠦᠭᠡ ᠤᠷᠤᠭᠰᠢ ᠳᠠᠭᠠᠷᠢᠬᠤ︾ | ᠪᠠᠷ ᠭᠤᠣᠯ ᠰᠡᠳᠦᠪ ᠪᠣᠯᠭᠠᠭᠰᠠᠨ ᠵᠤᠨ ᠤ ᠤᠯᠠᠷᠢᠯ ᠤᠨ ᠲᠤᠰᠬᠠᠶ ᠲᠠᠯᠠᠪᠠᠢ ᠶᠢᠨ ᠤᠷᠢᠬᠤ ᠴᠤᠭᠯᠠᠭᠠᠨ ᠢ 8 ᠳ᠋ᠤᠭᠠᠷ | ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠭᠠᠳᠠᠨ᠎ᠠ ᠲᠠᠯᠠᠪᠠᠢ ᠳᠤ | ᠡᠷᠬᠢᠯᠡᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ᠂ ᠪᠦᠬᠦ ᠤᠯᠤᠰ ᠤᠨ ᠠᠵᠢᠯᠴᠢᠨ ᠤ ᠡᠪᠯᠡᠯ ᠤᠨ ᠪᠡᠭᠡᠵᠢᠩ | ᠲᠢᠶᠠᠨᠵᠢᠨ ᠡᠾᠧᠪᠸᠢ ᠶᠢᠨ ᠬᠠᠮᠲᠤᠷᠠᠨ ᠬᠦᠭᠵᠢᠬᠦ ᠶᠢ ᠲᠦᠯᠬᠢᠨ ᠠᠬᠢᠭᠤᠯᠵᠤ ᠪᠡᠭᠡᠵᠢᠩ ᠦᠪᠤᠷ ᠮᠤᠩᠭᠤᠯ ᠤᠨ | ᠬᠠᠮᠵᠢᠯᠴᠠᠨ ᠠᠵᠢᠯ ᠣᠯᠭᠤᠯᠲᠠ ᠶᠢ ᠠᠬᠢᠭᠤᠯᠬᠤ ᠤᠷᠢᠬᠤ ᠴᠤᠭᠯᠠᠭᠠᠨ ᠤ ᠠᠵᠢᠯ ᠢ ᠴᠤᠤᠷᠢᠶᠠᠳᠤᠨ ᠳᠠᠭᠠᠬᠤ ᠶᠢᠨ | ᠲᠤᠰᠠᠳᠠ᠂ ᠮᠠᠨ ᠤ ᠬᠤᠲᠠ 8 ᠳ᠋ᠤᠭᠠᠷ ᠰᠠᠷ᠎ᠠ ᠶᠢᠨ 1 ᠤ ᠡᠳᠦᠷ ᠬᠥᠬᠡᠬᠤᠲᠠ ᠶᠢᠨ ᠬᠤᠪᠢᠶᠠᠷᠢ ᠴᠤᠭᠯᠠᠭᠠᠨ ᠤ | ᠲᠠᠯᠠᠪᠠᠶ ᠭᠡᠵᠦ ᠣᠨᠴᠠᠭᠠᠶᠢᠯᠠᠨ ᠭᠠᠷᠭᠠᠵᠤ᠂ ᠡᠭᠦᠨ ᠤ ᠬᠠᠮᠲᠤ 2015 ᠣᠨ ᠤ ᠪᠦᠬᠦ ᠤᠯᠤᠰ ᠤᠨ ᠠᠵᠢᠯᠴᠢᠨ ᠤ | ᠡᠪᠯᠡᠯ ᠤᠨ ᠪᠡᠭᠡᠵᠢᠩ ᠲᠢᠶᠠᠨᠵᠢᠨ ᠾᠤᠪᠸᠢ ᠶᠢᠨ ᠬᠠᠮᠲᠤᠷᠠᠨ ᠬᠦᠭᠵᠢᠬᠦ ᠶᠢ ᠲᠦᠯᠬᠢᠨ ᠠᠬᠢᠭᠤᠯᠤᠨ ᠪᠡᠭᠡᠵᠢᠩ ᠦᠪᠤᠷ | ᠮᠤᠩᠭᠤᠯ ᠤᠨ ᠬᠠᠮᠵᠢᠯᠴᠠᠨ ᠠᠵᠢᠯ ᠣᠯᠭᠤᠯᠲᠠ ᠶᠢ ᠠᠬᠢᠭᠤᠯᠬᠤ ᠨᠢᠭᠡ ᠡᠳᠦᠷ ᠤᠨ ᠬᠤᠭᠤᠴᠠᠭ᠎ᠠ ᠲᠠᠢ ᠤᠷᠢᠬᠤ | ᠴᠤᠭᠯᠠᠭᠠᠨ ᠡᠷᠬᠢᠯᠡᠬᠦ ᠪᠣᠯᠣᠨ᠎ᠠ᠃ ᠲᠤᠰ ᠤᠳᠠᠭᠠᠨ ᠤ ᠲᠣᠮᠣ ᠬᠡᠯᠪᠡᠷᠢ ᠶᠢᠨ ᠤᠷᠢᠬᠤ ᠴᠤᠭᠯᠠᠭᠠᠨ ᠳᠤ ᠬᠥᠮᠦᠨ | ᠬᠡᠷᠡᠭᠯᠡᠬᠦ ᠨᠢᠭᠡᠴᠡ ᠨᠡᠶᠢᠲᠡ 100 ᠣᠷᠣᠯᠴᠠᠨ ︽ᠡᠷᠳᠡᠮᠲᠡᠨ ᠮᠡᠷᠭᠡᠳ ᠢ ᠤᠷᠢᠨ ᠡᠯᠰᠡᠬᠦ︾ ᠪᠤᠯᠤᠨ᠎ᠠ᠂ ᠠᠩᠬ᠎ᠠ | ᠠᠯᠬᠤᠮ ᠤᠨ ᠪᠦᠷᠢᠳᠬᠡᠭᠰᠡᠨ ᠢᠶᠠᠷ 3150 ᠭᠠᠷᠤᠢ ᠠᠵᠢᠯ ᠤᠨ ᠪᠠᠶᠢᠷᠢ ᠬᠠᠩᠭᠠᠵᠤ᠂ ᠵᠢᠱᠢᠯᠲᠡ ᠪᠠᠷ 1.5 ᠲᠦᠮᠨ | ᠢᠯᠡᠭᠦᠦ ᠬᠥᠮᠦᠨ ᠴᠤᠭᠯᠠᠭᠠᠨ ᠳᠤ ᠣᠷᠣᠯᠴᠠᠵᠤ᠂ ᠴᠤᠭᠯᠠᠭᠠᠨ ᠳᠤ ᠣᠷᠣᠯᠴᠠᠠᠬᠤ ᠠᠵᠤ ᠠᠬᠤᠶᠢᠯᠠᠯ ᠨᠢ ᠭᠤᠣᠯᠳᠠᠭᠤ | ᠣᠷᠣᠨ ᠤ ᠲᠣᠲᠤᠷ᠎ᠠ ᠭᠠᠳᠠᠨᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ᠂ ᠳᠡᠭᠡᠳᠦ ᠰᠢᠨ᠎ᠡ | ᠮᠡᠷᠭᠡᠵᠢᠯ ᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠪᠠᠶᠢᠵᠤ᠂ | ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠲᠠᠷᠢᠶᠠᠯᠠᠩ ᠮᠠᠯ ᠠᠵᠤ ᠠᠬᠤᠶ᠂ ᠭᠡᠷ | ᠭᠠᠵᠠᠷ ᠤᠨ ᠬᠥᠷᠥᠩᠭᠡ᠂ ᠰᠣᠶᠣᠯ ᠤᠨ ᠵᠠᠭᠤᠴᠢ᠂ ᠡᠯᠧᠺᠲᠷᠣᠨ ᠮᠡᠳᠡᠭᠡ ᠬᠤᠯᠪᠣᠭ᠎ᠠ᠂ ᠡᠮ᠂ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠵᠡᠷᠭᠡ 18 ᠠᠵᠢᠯ ᠲᠥᠷᠥᠯ ᠤᠨ ᠲᠥᠷᠥᠯ ᠢᠯᠭᠠᠯ ᠳᠤ | ᠬᠤᠯᠪᠤᠭᠳᠠᠬᠤ ᠪᠣᠯᠣᠨ᠎ᠠ᠃ |