ᠪᠦᠬᠦ ᠤᠯᠤᠰ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠲᠤᠬᠠᠢ ᠶᠢᠨ ᠭᠠᠵᠠᠷ ᠤᠨ ᠲᠤᠷᠰᠢᠯᠠᠭ᠎ᠠ ᠰᠤᠯᠢᠯᠴᠠᠬᠤ ᠬᠤᠷᠠᠯ ᠰᠢᠯᠢ ᠶᠢᠨ ᠭᠤᠤᠯ ᠠᠶᠢᠮᠠᠭ ᠤᠨ ᠳᠤᠯᠤᠨ ᠨᠤᠤᠷ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2015/7/31
     7 ᠳ᠋ᠤᠭᠠᠷ ᠰᠠᠷ᠎ᠠ ᠶᠢᠨ 30᠎ ᠤ ᠡᠲᠦᠷ᠂ ᠪᠦᠬᠦ ᠤᠯᠤᠰ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠲᠤᠬᠠᠢ ᠶᠢᠨ ᠭᠠᠵᠠᠷ ᠤᠨ ᠲᠤᠷᠰᠢᠯᠭ᠎ᠠ ᠰᠤᠯᠢᠯᠴᠠᠬᠤ ᠬᠤᠷᠠᠯ ᠰᠢᠯᠢ ᠶᠢᠨ ᠭᠤᠤᠯ ᠠᠶᠢᠮᠠᠭ ᠤᠨ ᠲᠤᠯᠤᠠ ᠨᠤᠤᠷ ᠰᠢᠶᠠᠠ ᠳᠤ ᠬᠤᠷᠠᠯᠲᠤᠵᠠᠢ᠃ ᠬᠤᠷᠠᠯ ᠠᠴᠠ ᠲᠤᠷᠰᠢᠯᠭ᠎ᠠ ᠪᠠᠨ ᠳ᠋ᠦᠩᠨᠡᠵᠦ᠂ 2020 ᠤᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠬᠠᠷᠠᠯᠲᠠᠲᠦ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠤᠯᠤᠰ ᠤᠨ ᠤᠢ ᠰᠢᠭᠤᠢ ᠶᠢᠨ ᠲᠤᠪᠴᠢᠶᠠᠠ ᠤ ᠨᠠᠮ ᠤᠨ ᠤᠲᠤᠷᠢᠳᠬᠤ ᠲᠤᠭᠤᠢᠢᠯᠠᠩ ᠤᠨ ᠱᠦᠵᠢ᠂ ᠲᠤᠪᠴᠢᠶᠠᠠ ᠲᠠᠷᠤᠭ᠎ᠠ ᠵᠠᠩ ᠵᠢᠶᠠᠠ ᠯᠦᠩ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠦ᠂ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠦᠢ ᠮᠢᠩ ᠪᠠᠶᠠᠷ ᠤᠨ ᠦᠭᠡ ᠬᠡᠯᠡᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠤᠨ ᠲᠤᠷᠰᠢ᠂ ᠦᠪᠦᠷ ᠮᠤᠩᠭᠤᠯ ᠤᠨ ᠪᠦᠬᠦ ᠤᠷᠤᠨ ᠵᠢᠯ ᠲᠤᠮᠲᠠᠴᠢ ᠪᠠᠷ ᠤᠢ ᠰᠢᠭᠤᠢ ᠶᠢᠨ ᠠᠮᠢ ᠠᠬᠤᠢ ᠶᠢᠨ ᠪᠦᠲᠦᠭᠡᠡ ᠪᠠᠶᠢᠭᠤᠯᠤᠯᠲᠠ ᠶᠢᠨ ᠡᠬᠦᠷᠭᠡ ᠶᠢ 1000 ᠲᠦᠮᠠ ᠭᠠᠷᠤᠢ ᠮᠦ ᠪᠡᠶᠡᠯᠡᠭᠦᠯᠵᠦ᠂ ᠤᠢ ᠰᠢᠭᠤᠢ ᠶᠢᠨ ᠪᠦᠷᠭᠦᠯᠲᠡ ᠶᠢᠨ ᠨᠤᠷᠮ᠎ᠠ 21.03% ᠲᠡᠭᠡᠭᠰᠢᠯᠡᠠ᠂ ᠪᠦᠬᠦ ᠤᠷᠤᠨ ᠢᠶᠠᠷ ᠢᠶᠠᠨ ᠵᠢᠯ ᠲᠤᠮᠲᠠᠴᠢ ᠪᠠᠷ ᠡᠯᠡᠰᠦᠷᠭᠡᠭᠵᠢᠭᠰᠡᠡ ᠨᠤᠲᠤᠭ ᠲᠡᠪᠢᠰᠭᠡᠷ ᠢ 1200 ᠲᠦᠮᠠ ᠭᠠᠷᠤᠢ ᠮᠦ ᠵᠠᠰᠠᠵᠤ᠂ ᠴᠦᠯᠡᠷᠬᠡᠭᠵᠢᠭᠰᠡᠨ ᠪᠠ ᠡᠯᠡᠰᠦᠷᠭᠡᠭᠵᠢᠨ ᠲᠠᠯᠠᠪᠠᠢ ᠵᠢᠯ ᠲᠤᠮᠲᠠᠴᠢ ᠪᠠᠷ 140 ᠲᠦᠮᠡᠡ ᠮᠦ ᠪᠠ 37.6 ᠲᠦᠮᠡᠡ ᠮᠦ ᠬᠠᠰᠤᠭᠲᠠᠵᠠᠢ᠃ ᠤᠷᠲᠤ ᠬᠤᠭᠤᠴᠠᠭᠠᠠ ᠤ ᠦᠢᠯᠡᠲᠦᠯᠭᠡ ᠲᠤᠮᠲᠠ᠂ ᠦᠪᠦᠷ ᠮᠤᠩᠭᠤᠯ ᠵᠠᠰᠠᠭ ᠵᠠᠬᠢᠷᠭ᠎ᠠ ᠪᠠᠷ ᠠᠬᠢᠭᠤᠯᠬᠤ᠂ ᠠᠵᠦ ᠦᠢᠯᠡᠰ ᠢᠶᠠᠷ ᠲᠠᠭᠠᠭᠤᠯᠬᠤ᠂ ᠲᠦᠷᠦ ᠶᠢᠨ ᠪᠤᠲᠤᠯᠭ᠎ᠠ ᠪᠠᠷ ᠠᠬᠢᠭᠤᠯᠬᠤ᠂ ᠤᠯᠠᠠ ᠲᠦᠮᠡᠡ ᠠᠴᠠ ᠭᠤᠤᠯᠯᠠᠠ ᠵᠢᠯᠤᠭᠤᠳᠬᠤ᠂ ᠨᠡᠶᠢᠭᠡᠮ ᠠᠴᠠ ᠤᠷᠤᠯᠴᠠᠬᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠲᠤᠭᠲᠠᠴᠠ ᠶᠢ ᠰᠦᠪᠡᠭᠴᠢᠯᠡᠵᠤ᠂ ᠰᠢᠨᠵᠢᠯᠡᠬᠦ ᠤᠬᠠᠭᠠᠠᠴᠢ ᠪᠠᠷ ᠡᠯᠡᠰᠦᠷᠬᠡᠭᠵᠢᠯ ᠢ ᠵᠠᠰᠬᠠᠤ᠂ ᠡᠯᠡᠰᠦᠷᠬᠡᠭᠵᠢᠯ ᠢ ᠶᠡᠷᠦᠩᠭᠡᠶᠢᠯᠡᠡ ᠵᠠᠰᠠᠬᠤ᠂ ᠬᠠᠤᠯᠢ ᠶᠤᠰᠤᠭᠠᠷ ᠡᠯᠡᠰᠦᠷᠬᠡᠭᠵᠢᠯ ᠢ ᠵᠠᠰᠠᠬᠤ ᠰᠢᠨ᠎ᠠ ᠵᠠᠮ ᠢ ᠨᠡᠭᠡᠭᠡᠵᠦ᠂ ᠪᠦᠬᠦ ᠤᠯᠤᠰ ᠤᠨ ᠠᠮᠢ ᠠᠬᠤᠢ ᠶᠢᠨ ᠪᠦᠲᠦᠭᠡᠡ ᠪᠠᠶᠢᠭᠤᠯᠤᠯᠲᠠ ᠳᠤ ᠵᠢᠱᠢᠶ᠎ᠠ ᠦᠵᠡᠭᠦᠯᠵᠠᠢ ᠭᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠵᠠᠪᠠᠯ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠪᠦᠲᠦᠮᠵᠢᠲᠠᠢ ᠠᠷᠭ᠎ᠠ ᠬᠡᠮᠵᠢᠶ᠎ᠠ ᠠᠪᠴᠤ᠂ ᠡᠯᠡᠰᠦᠷᠭᠡᠭᠵᠢᠯ ᠢ ᠰᠡᠷᠭᠡᠶᠢᠯᠡᠵᠦ ᠠᠯᠬᠤᠭ᠎ᠠ ᠪᠠᠨ ᠲᠦᠷᠭᠡᠳᠭᠡᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠡᠬᠦᠷᠭᠡ ᠶᠢ ᠲᠤᠭᠲᠠᠭᠰᠠᠠ ᠬᠤᠭᠤᠴᠠᠭᠠᠠ ᠳᠤ ᠪᠡᠶᠡᠯᠡᠭᠦᠯᠬᠦ ᠬᠡᠷᠡᠭᠲᠡᠢ᠃ ᠤᠮᠠᠷᠠᠲᠤ ᠤᠷᠤᠨ ᠤ ᠡᠯᠡᠰᠦᠷᠭᠡᠭ ᠤᠷᠤᠨ ᠪᠤᠯᠤᠨ ᠡᠮᠦᠨᠡᠲᠦ ᠤᠷᠤᠨ ᠤ ᠬᠠᠶᠢᠷᠬᠠᠭ ᠴᠦᠯᠵᠢᠭᠰᠡᠡ ᠤᠷᠤᠨ ᠪᠤᠯ ᠮᠠᠠ ᠤ ᠤᠯᠤᠰ ᠤᠨ ᠤᠲᠤᠬᠠᠠ ᠪᠠ ᠬᠤᠶᠢᠰᠢᠲᠠ ᠶᠢᠨ ᠨᠢᠭᠡ ᠭᠡᠰᠡᠭ ᠬᠤᠭᠤᠴᠠᠭᠠᠠ ᠤ ᠤᠢ ᠰᠢᠭᠤᠢ ᠶᠢᠨ ᠲᠠᠯᠠᠪᠠᠢ ᠶᠢ ᠦᠷᠭᠡᠳᠭᠡᠬᠦ ᠭᠤᠤᠯ ᠲᠠᠶᠢᠯᠠᠯᠲᠤᠭᠠᠠ ᠤ ᠲᠠᠯᠠᠪᠤᠷ ᠪᠤᠯᠤᠨ᠎ᠠ᠂ ᠮᠦᠨ ᠴᠤ ︽ᠠᠷᠪᠠᠠ ᠭᠤᠷᠪᠠᠲᠤᠭᠠᠷ ᠲᠠᠪᠤᠨ ᠵᠢᠯ︾᠎ ᠤᠨ ᠬᠤᠭᠤᠴᠠᠭᠠᠠ ᠳᠤ ᠠᠮᠢ ᠠᠬᠤᠢ ᠶᠢ ᠰᠡᠷᠭᠦᠭᠡᠬᠦ ᠪᠠ ᠵᠠᠰᠠᠬᠤ ᠬᠦᠴᠢᠷ ᠢ ᠲᠤᠭᠤᠯᠵᠦ ᠪᠡᠷᠭᠡ ᠶᠢ ᠲᠠᠪᠠᠭ᠋ᠤ ᠭᠤᠤᠯᠲᠠᠯᠭ᠎ᠠ ᠲᠠᠢ ᠤᠷᠤᠨ ᠮᠦᠨ᠂ ᠪᠦᠲᠦᠭᠡᠡ ᠪᠠᠶᠢᠭᠤᠯᠤᠯᠲᠠ ᠶᠢᠨ ᠡᠬᠦᠷᠭᠡ ᠲᠤᠩ ᠬᠦᠨᠲᠦ ᠨᠦᠰᠡᠷ᠂ ᠡᠷᠭᠡᠪᠰᠢ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠴᠢᠩᠭᠠᠳᠬᠠᠠ᠂ ᠲᠦᠷᠦ ᠶᠢᠨ ᠪᠤᠲᠤᠯᠭ᠎ᠠ ᠶᠢᠨ ᠲᠡᠮᠵᠢᠯᠭᠡ ᠪᠠᠨ ᠴᠢᠩᠭᠠᠳᠬᠠᠬᠤ ᠭᠡᠷᠡᠭᠲᠡᠢ᠃ ︽ᠠᠷᠪᠠᠠ ᠭᠤᠷᠪᠠᠲᠤᠭᠠᠷ ᠲᠠᠪᠤᠨᠵᠢᠯ︾᠎ ᠤᠨ ᠲᠦᠯᠦᠪᠵᠢᠭᠦᠯᠭᠡ ᠶᠢᠨ ᠨᠠᠶᠢᠷᠠᠭᠤᠯᠤᠨ ᠵᠤᠬᠢᠶᠠᠬᠤ ᠪᠠᠷ ᠠᠵᠠ ᠲᠤᠬᠢᠶᠠᠯ ᠪᠤᠯᠭᠠᠵᠦ᠂ ᠶᠡᠷᠦᠩᠭᠡᠢ ᠭᠡᠮᠵᠢᠶ᠎ᠠ ᠪᠠᠨ ᠨᠡᠮᠡᠭᠲᠡᠭᠦᠯᠵᠦ᠂ ᠬᠠᠲᠠᠭᠠᠯᠠᠯᠲᠠ ᠶᠢᠨ ᠬᠡᠮᠵᠢᠶ᠎ᠠ ᠪᠠᠨ ᠰᠢᠯᠢᠲᠡᠭᠴᠢᠯᠡᠵᠦ᠂ ᠨᠡᠮᠡᠭᠲᠡᠯ ᠤᠨ ᠭᠡᠮᠵᠢᠶ᠎ᠠ ᠶᠢ ᠰᠠᠶᠢᠲᠤᠷ ᠭᠡᠷᠡᠭᠯᠡᠬᠦ ᠱᠠᠭᠠᠷᠲᠠᠯᠭ᠎ᠠ ᠶᠤᠰᠤᠭᠠᠷ᠂ ᠤᠷᠲᠤ ᠬᠤᠭᠤᠴᠠᠭ᠎ᠠ ᠪᠠᠷ ᠲᠤᠭᠲᠠᠭᠤᠨ ᠪᠠᠶᠢᠬᠤ ᠲᠦᠷᠦ ᠶᠢᠨ ᠪᠤᠲᠤᠯᠭ᠎ᠠ ᠶᠢᠨ ᠲᠡᠮᠵᠢᠯᠭᠡ ᠪᠠ ᠪᠡᠯᠡ ᠤᠷᠤᠭᠤᠯᠤᠯᠲᠠ ᠶᠢᠨ ᠲᠤᠭᠲᠠᠴᠠ ᠶᠢ ᠪᠠᠶᠢᠭᠤᠯᠵᠦ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠦᠢᠯᠡᠰ ᠲᠤ ᠴᠢᠩᠭ᠎ᠠ ᠪᠠᠲᠤᠯᠠᠭ᠎ᠠ ᠬᠠᠩᠭᠠᠬᠤ ᠭᠡᠷᠡᠭᠲᠡᠢ ᠬᠡᠪᠡ᠃      ᠬᠤᠷᠠᠯ ᠳᠤ᠂ ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ᠂ ᠱᠠᠠ ᠰᠢ ᠮᠤᠵᠢ᠂ ᠬᠦᠬᠡᠨᠠᠭᠤᠷ ᠮᠤᠵᠢ ᠶᠢᠨ ᠭᠤᠯᠮᠤᠳ ᠬᠤᠲᠠ᠂ ᠨᠢᠩᠰᠢᠶᠠ ᠶᠢᠨ ᠬᠤᠲᠤᠩ ᠦᠨᠲᠦᠰᠦᠲᠡᠡ ᠤ ᠦᠪᠡᠷᠲᠡᠭᠡᠡ ᠵᠠᠰᠠᠬᠤ ᠤᠷᠤᠨ᠂ ᠰᠢᠨᠵᠢᠶᠠᠩ ᠪᠤᠯᠤᠨ ᠬᠤᠲ᠋ᠠᠠ ᠤᠷᠤᠨ ᠤ ᠬᠢᠨ ᠳᠤᠷᠰᠢᠯᠭ᠎ᠠ ᠪᠠᠨ ᠳᠠᠨᠢᠯᠴᠠᠭᠤᠯᠪᠠ᠃ ᠪᠦᠬᠦ ᠤᠯᠤᠰ ᠤᠨ 30 ᠮᠤᠵᠢ ᠬᠤᠲᠠ ᠦᠪᠡᠷᠲᠡᠭᠡᠡ ᠵᠠᠰᠬᠠᠤ ᠤᠷᠤᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠡ ᠪᠠᠶᠢᠭᠤᠯᠤᠯᠲᠠ ᠶᠢᠨ ᠪᠢᠩᠲ᠋ᠤᠸᠠᠠ ᠤ ᠤᠢ ᠰᠢᠭᠤᠢ ᠶᠢᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠬᠤᠷᠠᠯ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号