7 ᠳ᠋ᠤᠭᠠᠷ ᠰᠠᠷ᠎ᠠ ᠶᠢᠨ 29 ᠤ ᠡᠳᠦᠷ᠂ ᠪᠦᠬᠦ ᠤᠷᠤᠨ ᠤ ᠮᠦᠡᠭᠭᠦᠨ ᠬᠦᠢᠯᠭᠡᠭᠡᠨ ᠢᠶᠠᠷ ᠶᠠᠳᠠᠭᠤ ᠶᠢ | ᠲᠡᠳᠭᠦᠵᠤ ᠠᠷᠠᠳ ᠢ ᠪᠠᠶᠠᠯᠢᠭᠵᠢᠭᠤᠯᠬᠤ ᠢᠨᠵᠧᠨᠧᠷᠢᠩ ᠤᠨ ᠲᠤᠬᠠᠢ ᠶᠢᠨ ᠭᠠᠵᠠᠷ ᠲᠤ ᠪᠠᠶᠢᠴᠠᠭᠠᠨ ᠰᠤᠷᠤᠯᠴᠠᠬᠤ | ᠪᠤᠯᠪᠠᠰᠤᠷᠠᠭᠤᠯᠤᠯ ᠤᠨ ᠬᠤᠷᠠᠯ ᠤᠯᠠᠭᠠᠨᠬᠠᠳᠠ ᠬᠤᠲᠠ ᠶᠢᠨ ᠪᠠᠭᠠᠷᠢᠨ ᠵᠡᠬᠦᠨ ᠬᠤᠰᠢᠭᠤᠨ ᠳᠤ ᠬᠤᠷᠠᠯᠳᠤᠪᠠ᠃ | ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ ᠠᠯᠪᠠᠨ ᠭᠡᠷ᠂ ᠲᠠᠷᠢᠶᠠᠯᠠᠩ ᠤᠨ ᠪᠠᠩᠬᠢ ᠶᠢᠨ ᠦᠪᠦᠷ | ᠮᠤᠩᠭᠤᠯ ᠤᠨ ᠬᠤᠪᠢᠶᠠᠷᠢ ᠪᠠᠩᠬᠢ᠂ ᠳᠤᠮᠳᠠᠲᠤ ᠶᠢᠨ ᠬᠤᠯᠪᠤᠭᠠᠲᠤ ᠳᠠᠭᠠᠳᠬᠠᠯ ᠤᠨ ᠺᠤᠮᠫᠠᠨᠢ ᠶᠢᠨ ᠦᠪᠦᠷ | ᠮᠤᠩᠭᠤᠯ ᠤᠨ ᠬᠤᠪᠢᠶᠠᠷᠢ ᠺᠤᠮᠫᠠᠨᠢ᠂ ᠵᠡᠬᠦᠨ ᠳᠦᠷᠪᠡᠨ ᠠᠶᠢᠮᠠᠭ ᠬᠤᠲᠠ ᠶᠢᠨ ᠶᠠᠳᠠᠭᠤ ᠶᠢ ᠲᠡᠳᠭᠦᠭᠦ ᠠᠯᠪᠠᠨ ᠭᠡᠷ᠂ | ᠲᠠᠷᠢᠶᠠᠯᠠᠩ ᠤᠨ ᠪᠠᠩᠬᠢ ᠶᠢᠨ ᠠᠶᠢᠮᠠᠭ ᠬᠤᠲᠠ ᠶᠢᠨ ᠬᠤᠪᠢᠶᠠᠷᠷᠢ ᠪᠠᠩᠬᠢ᠂ ᠶᠠᠳᠠᠭᠤ ᠶᠢ ᠲᠡᠳᠭᠦᠵᠤ ᠨᠡᠭᠡᠨ | ᠬᠦᠭᠵᠢᠬᠦᠯᠬᠦ ᠠᠵᠢᠯ ᠤᠨ 26 ᠭᠤᠤᠯᠳᠠᠯᠭ᠎ᠠ ᠲᠠᠢ ᠬᠤᠰᠢᠭᠤ ᠰᠢᠶᠠᠨ ᠤ ᠶᠠᠳᠠᠭᠤ ᠶᠢ ᠲᠡᠳᠭᠦᠭᠦ ᠠᠯᠪᠠᠨ ᠬᠡᠷ᠂ | ᠲᠠᠷᠢᠶᠠᠯᠠᠩ ᠤᠨ ᠪᠠᠩᠬᠢ ᠶᠢᠨ ᠬᠤᠰᠢᠭᠤ ᠰᠢᠶᠠᠨ ᠤ ᠬᠤᠪᠢᠶᠠᠷᠢ ᠪᠠᠩᠬᠢ ᠶᠢᠨ ᠬᠤᠯᠪᠤᠭᠳᠠᠯ ᠪᠦᠬᠦᠢ ᠤᠳᠤᠷᠢᠳᠤᠯᠭ᠎ᠠ | ᠪᠤᠯᠤᠨ ᠬᠠᠷᠢᠭᠤᠴᠠᠵᠤ ᠪᠠᠶᠢᠭ᠎ᠠ ᠨᠦᠭᠦᠳ 100 ᠭᠠᠷᠤᠢ ᠬᠦᠮᠦᠨ ᠪᠤᠯᠪᠠᠰᠤᠷᠠᠭᠤᠯᠤᠯ ᠤᠨ ᠬᠤᠷᠠᠯ ᠳᠤ ᠤᠷᠤᠯᠴᠠᠪᠠ᠃ | ᠦᠪᠦᠷ ᠮᠤᠩᠭᠤᠯ ᠤᠨ ᠶᠠᠳᠠᠭᠤ ᠶᠢ ᠲᠡᠳᠭᠦᠭᠦ ᠠᠯᠪᠠᠨ ᠭᠡᠷ ᠤᠨ ᠳᠡᠳ᠋ ᠡᠷᠬᠢᠯᠡᠭᠴᠢ ᠬᠠᠨ ᠵᠢᠶᠠᠨ ᠭᠠᠨᠭ᠌ | ᠪᠤᠯᠪᠠᠰᠤᠷᠠᠭᠤᠯᠤᠯ ᠤᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃ | ᠬᠤᠷᠠᠯ ᠳᠤ ᠤᠷᠤᠯᠴᠠᠭᠰᠠᠨ ᠨᠦᠭᠦᠳ ᠮᠦᠡᠭᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠵᠤ ᠠᠷᠠᠳ ᠢ | ᠪᠠᠶᠠᠯᠢᠭᠵᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠡᠭᠦᠰᠦᠯ ᠤᠨ ᠭᠠᠵᠠᠷ ᠪᠤᠯᠬᠤ ᠪᠠᠭᠠᠷᠢᠨ ᠵᠡᠭᠦᠨ | ᠬᠤᠰᠢᠭᠤᠨ ᠤ ᠪᠢᠯᠡᠭᠦᠦᠳᠠᠢ ᠪᠠᠯᠭᠠᠰᠤ ᠶᠢᠨ ᠰᠾᠢ ᠹᠠᠨᠭ᠌ ᠴᠸᠡᠭ ᠲᠤᠰᠬᠤᠨ ᠤ ᠮᠦᠡᠭᠭᠦᠨ ᠭᠦᠢᠯᠭᠡᠭᠡᠨ ᠢᠶᠠᠷ | ᠶᠠᠳᠠᠭᠤ ᠶᠢ ᠲᠡᠳᠭᠦᠭᠦ ᠲᠦᠷᠦᠯ ᠵᠦᠢᠯ ᠤᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠲᠤᠭᠤᠷᠢᠨ ᠦᠵᠡᠵᠤ᠂ | ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠤᠭᠰᠠᠨ ᠢ ᠰᠤᠨᠤᠰᠪᠠ᠃ | ᠬᠠᠨ ᠵᠢᠶᠠᠨ ᠭᠠᠨᠭ᠌ ᠪᠦᠬᠦ ᠤᠷᠤᠨ ᠤ ᠳᠡᠭᠡᠷ᠎ᠡ ᠬᠠᠭᠠᠰ ᠵᠢᠯ ᠤᠨ ᠮᠦᠡᠭᠭᠦᠨ ᠬᠦᠢᠯᠭᠡᠭᠡᠨ ᠢᠶᠠᠷ ᠶᠠᠳᠠᠭᠤ ᠶᠢ | ᠲᠡᠳᠭᠦᠵᠤ ᠠᠷᠠᠳ ᠢ ᠪᠠᠶᠠᠯᠢᠭᠵᠢᠭᠤᠯᠬᠤ ᠢᠨᠵᠧᠨᠧᠷᠢᠩ ᠤᠨ ᠠᠵᠢᠯ ᠢ ᠳ᠋ᠦᠡᠭᠨᠡᠭᠰᠡᠨ ᠤ ᠬᠠᠮᠲᠤ ᠳᠤᠤᠷ᠎ᠠ ᠬᠠᠭᠠᠰ | ᠵᠢᠯ ᠤᠨ ᠠᠵᠢᠯ ᠳᠤ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠮᠦᠡᠭᠭᠦᠨ ᠬᠦᠢᠯᠭᠡᠭᠡᠨ ᠢᠶᠠᠷ | ᠶᠠᠳᠠᠭᠤ ᠶᠢ ᠲᠡᠳᠭᠦᠵᠤ ᠠᠷᠠᠳ ᠢ ᠪᠠᠶᠠᠯᠢᠭᠵᠢᠭᠤᠯᠬᠤ ᠢᠨᠵᠧᠨᠧᠷᠢᠩ ᠤᠨ ᠠᠵᠢᠯ ᠢ ᠬᠦᠴᠦ ᠪᠠᠨ ᠬᠠᠮᠲᠤᠳᠬᠠᠨ | ᠰᠠᠶᠢᠲᠤᠷ ᠦᠷᠨᠢᠬᠦᠯᠵᠤ᠂ ᠠᠵᠤ ᠦᠢᠯᠡᠰ᠂ ᠬᠡᠷᠡᠭᠯᠡᠭᠴᠢᠳ᠂ ᠠᠬᠢᠴᠠ ᠶᠢᠨ ᠲᠠᠯ᠎ᠠ ᠠᠴᠠ ᠤᠨᠤᠪᠴᠢᠲᠠᠢ | ᠲᠦᠯᠦᠪᠵᠢᠭᠦᠯᠵᠤ᠂ ᠨᠡᠷᠡᠳᠭᠦᠨ ᠨᠡᠭᠡᠭᠡᠬᠦ᠂ ᠳᠠᠭᠠᠭᠠᠯᠲᠠ ᠬᠢᠬᠦ ᠮᠠᠶ᠋ᠢᠭ᠂ ᠦᠢᠯᠡᠴᠢᠯᠡᠭᠡᠨ ᠤ ᠵᠠᠮ ᠤᠨ ᠲᠠᠯ᠎ᠠ ᠪᠠᠷ | ᠰᠢᠨ᠎ᠡ ᠶᠢ ᠡᠭᠦᠳᠬᠦ ᠶᠢ ᠲᠦᠷᠭᠡᠳᠭᠡᠨ᠂ ᠬᠡᠷᠡᠭᠯᠡᠭᠴᠢᠳ ᠨᠦᠬᠡᠴᠡᠯᠡᠵᠤ᠂ ᠴᠠᠭ ᠲᠤᠬᠠᠢ ᠳᠤᠨᠢ ᠵᠢᠭᠡᠯᠡᠯᠭᠡ ᠲᠠᠯᠪᠢᠵᠤ᠂ | ᠲᠠᠷᠢᠶᠠᠯᠭ᠎ᠠ ᠶᠢᠨ ᠴᠠᠭ ᠢ ᠰᠠᠭᠠᠲᠤᠭᠤᠯᠬᠤ ᠦᠭᠡᠢ ᠪᠠᠶᠢᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠤᠳᠤᠷᠢᠳᠤᠯᠭ᠎ᠠ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠵᠤ᠂ | ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠬᠢᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠤ᠂ ᠲᠦᠭᠰᠢᠭᠦᠷᠢ ᠶᠢ | ᠰᠠᠶᠢᠲᠤᠷ ᠡᠵᠡᠮᠳᠡᠵᠤ᠂ ᠢᠨᠵᠧᠨᠧᠷᠢᠩ ᠤᠨ ᠬᠠᠮᠢᠶᠠᠷᠤᠯᠲᠠ ᠪᠤᠯᠤᠨ ᠶᠤᠰᠤ ᠮᠤᠷᠠᠯ ᠤᠨ ᠲᠦᠭᠰᠢᠭᠦᠷᠢ ᠶᠢᠨ ᠨᠠᠭᠠᠲᠤ | ᠵᠠᠬ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠠᠢ ᠬᠡᠪᠡ᠃ |