ᠪᠦᠬᠦ ᠣᠷᠣᠨ ᠤ ᠬᠢᠨᠠᠨ ᠪᠣᠳᠣᠬᠤ ᠠᠵᠢᠯ ᠎ ᠤᠨ ᠳᠥᠯᠭᠢᠨ ᠠᠬᠢᠭᠤᠯᠬᠤ ᠬᠤᠷᠠᠯ ᠤᠨ ᠪᠠᠷᠠᠭᠤᠨ ᠬᠡᠰᠡᠭ ᠣᠷᠣᠨ ᠤ ᠬᠤᠷᠠᠯ ᠣᠷᠳᠣᠰ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/7/31
     7 ᠳ᠋ᠤᠭᠠᠷ ᠰᠠᠷ᠎ᠠ ᠶᠢᠨ 27᠎ ᠤ ᠡᠳᠦᠷ᠂ ᠪᠦᠬᠦ ᠣᠷᠣᠨ ᠤ ᠬᠢᠨᠠᠨ ᠪᠣᠳᠣᠬᠤ ᠠᠵᠢᠯ ᠎ ᠤᠨ ᠳᠥᠯᠭᠢᠨ  ᠬᠤᠷᠠᠯ ᠤᠨ ᠪᠠᠷᠠᠭᠤᠨ ᠬᠡᠰᠡᠭ ᠣᠷᠣᠨ ᠤ ᠬᠤᠷᠠᠯ ᠣᠷᠳᠣᠰ ᠬᠤᠲᠠ ᠶᠢᠨ ᠬᠢᠶᠠ ᠪᠠᠭᠰᠢ ᠰᠢᠨ᠎ᠡ ᠲᠣᠭᠤᠷᠢᠭ ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠤᠸᠠᠢ ᠱᠧᠩ᠂ ᠲᠢᠩᠬᠢᠮ ᠤᠨ ᠳᠡᠳ᠋ ᠳᠠᠷᠤᠭ᠎ᠠ ᠯᠢᠦᠶ ᠵᠢᠩ ᠶᠤᠸᠠᠨ᠂ ᠭᠦᠸᠧ ᠱᠣᠣ ᠬᠤᠸᠠ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠ ᠰᠦ ᠫᠢᠩ᠂ ᠬᠦᠬᠡᠬᠤᠳᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠦᠬᠠᠶ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠬᠢᠭᠡᠳ ᠮᠠᠨ ᠤ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠳᠠᠷᠤᠭ᠎ᠠ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃       ᠬᠤᠷᠠᠯ ᠳᠤ 7 ᠠᠶᠢᠮᠠᠭ ᠬᠤᠲᠠ  ᠶᠢᠨ ᠳᠡᠭᠡᠷ᠎ᠡ ᠬᠠᠭᠠᠰ ᠵᠢᠯ ᠤᠨ ᠬᠢᠨᠠᠨ ᠪᠣᠳᠣᠬᠤ ᠠᠵᠢᠯ ᠦᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠴᠤ᠂ ᠪᠦᠬᠦ ᠣᠷᠣᠨ ᠤ  ᠳᠡᠭᠡᠷ᠎ᠡ ᠬᠠᠭᠠᠰ ᠵᠢᠯ ᠤᠨ ᠠᠵᠢᠯ ᠪᠣᠯᠣᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠰᠢᠯᠭᠠᠨ ᠬᠢᠨᠠᠭᠰᠠᠨ ᠪᠠᠶᠢᠳᠠᠯ ᠢ ᠨᠡᠪᠲᠡᠷᠡᠭᠦᠯᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠪᠦᠬᠦ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠨᠤᠭᠤᠳ ᠪᠦᠬᠦ ᠤᠯᠤᠰ᠂ ᠪᠦᠬᠦ ᠣᠷᠣᠨ ᠤ ᠬᠢᠨᠠᠨ ᠪᠣᠳᠣᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ  ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠨ᠂ ᠬᠢᠨᠠᠨ  ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠂ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠪᠠᠲᠤᠯᠠᠬᠤ ᠦᠢᠯᠡᠳᠦᠯ ᠎ ᠢᠶᠠᠨ ᠪᠠᠳᠠᠷᠠᠭᠤᠯᠪᠠ᠃ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠢᠭᠡᠳ ᠪᠦᠬᠦ ᠬᠢᠨᠠᠨ ᠪᠣᠳᠣᠯᠲᠠ ᠶᠢᠨ ᠺᠠᠳ᠋ᠷᠴᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠨᠠᠨ ᠪᠣᠳᠣᠬᠤ ᠠᠵᠢᠯ ᠢ ᠴᠢᠩᠭᠠᠳᠬᠠᠬᠤ ᠲᠤᠬᠠᠶ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ᠂ ᠣᠷᠣᠨ ᠪᠠᠶᠢᠷᠢ ᠪᠠᠨ ᠣᠨᠣᠪᠴᠢᠲᠠᠢ ᠢᠶᠠᠨ ᠲᠣᠭᠲᠠᠭᠠᠨ᠂ ᠦᠵᠡᠯᠲᠡ ᠪᠠᠨ ᠬᠤᠪᠢᠷᠠᠭᠤᠯᠤᠨ᠂ ᠦᠢᠯᠡᠳᠦᠯ ᠢᠶᠠᠨ ᠪᠠᠳᠠᠷᠠᠭᠤᠯᠵᠤ᠂ ᠬᠢᠨᠠᠨ ᠪᠣᠳᠣᠬᠤ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠨᠡᠮᠡᠭᠳᠡᠭᠦᠯᠦᠨ᠂ ᠦᠢᠯᠡᠳᠦᠯᠭᠡ ᠶᠢᠨ ᠳᠤᠮᠳᠠ ᠬᠢᠨᠠᠨ ᠪᠣᠳᠣᠬᠤ ᠠᠵᠢᠯ ᠤᠨ ᠰᠢᠨ᠎ᠡ ᠵᠠᠮ ᠢ ᠲᠠᠰᠤᠷᠠᠯᠲᠠ ᠦᠭᠡᠶ ᠬᠠᠶᠢᠨ ᠰᠦᠪᠡᠭᠴᠢᠯᠡᠵᠦ᠂ ᠬᠢᠨᠠᠨ ᠪᠣᠳᠣᠬᠤ ᠠᠵᠢᠯ ᠤᠨ ᠳᠠᠬᠢᠨ ᠬᠢᠷᠢ ᠬᠡᠮᠵᠢᠶ᠎ᠡ ᠳᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号