ᠣᠶᠢᠷ᠎ᠠ ᠳᠤ᠂ ᠠᠯᠠᠱᠠ ᠠᠶᠢᠮᠠᠭ ᠤᠨ ᠰᠤᠶᠤᠯ ᠷᠠᠳᠢᠤ᠋ ᠲᠧᠯᠸᠢᠰ ᠤᠨ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠤ ᠰᠣᠶᠣᠯ ᠤᠨ ᠲᠢᠩᠬᠢᠮ ᠤᠨ ᠲᠦᠷᠦᠯ ᠵᠦᠢᠯ ᠤᠨ ᠪᠡᠯᠡ ᠮᠦᠡᠭᠭᠦ 50 ᠲᠦᠮᠡᠨ ᠲᠥᠭᠦᠷᠢᠭ ᠣᠯᠵᠤ᠂ | ᠪᠣᠳᠠᠰ ᠤᠨ ᠪᠤᠰᠤ ᠰᠣᠶᠣᠯ ᠤᠨ ᠥᠪ ᠪᠤᠯᠬᠤ ᠮᠣᠩᠭᠤᠯ ᠵᠦᠴᠦᠭᠡ ︽ᠰᠠᠪᠠᠷᠳᠠᠩ ᠤᠨ ᠬᠤᠪᠢ ᠪᠠᠷᠢᠯᠳᠤᠯᠭ᠎ᠠ︾ ᠶᠢ | ᠲᠣᠭᠯᠠᠵᠤ ᠪᠣᠯᠪᠠᠰᠤᠷᠠᠬᠤ ᠳᠤ ᠬᠡᠷᠡᠭᠯᠡᠭᠦᠯᠵᠤ᠂ ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠠᠵᠢᠯ ᠪᠤᠯᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ ᠶᠡᠬᠡᠪᠡᠷ ᠲᠡᠳᠬᠦᠨ ᠳᠡᠮᠵᠢᠭᠰᠡᠨ | ᠪᠠᠶᠢᠨ᠎ᠠ᠃ | ᠰᠠᠪᠠᠷᠳᠠᠩ ᠪᠥᠵᠢᠭ ᠪᠤᠯ ᠣᠶᠢᠷᠠᠳ ᠮᠤᠩᠭᠤᠯ ᠠᠶᠢᠮᠠᠭ ᠤᠭᠰᠠᠭ᠎ᠠ ᠶᠢᠨ ᠦᠶ᠎ᠡ ᠤᠯᠠᠷᠢᠨ ᠤᠯᠠᠮᠵᠢᠯᠠᠵᠤ | ᠢᠷᠡᠭᠰᠡᠨ ᠠᠷᠠᠳ ᠤᠨ ᠪᠥᠵᠢᠭ ᠤᠨ ᠬᠡᠯᠪᠡᠷᠢ ᠪᠠᠶᠢᠵᠤ᠂ ᠦᠨᠢ ᠤᠳᠠᠭᠠᠨ ᠤᠯᠠᠮᠵᠢᠯᠠᠨ ᠵᠠᠯᠭᠠᠮᠵᠢᠯᠠᠭᠳᠠᠵᠤ᠂ | ᠠᠭᠤᠯᠭ᠎ᠠ ᠨᠢ ᠡᠯᠪᠡᠭ ᠪᠠᠶᠠᠯᠢᠭ᠂ ᠣᠨᠴᠠᠯᠢᠭ ᠢᠶᠠᠷ ᠢᠯᠡ ᠲᠣᠳᠣ ᠪᠠᠶᠢᠵᠤ᠂ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠨᠡᠷᠡᠰ ᠲᠤ ᠵᠢᠭᠰᠠᠭᠠᠭᠳᠠᠨ ᠤᠷᠤᠵᠤ᠂ ᠦᠨᠳᠦᠰᠦᠲᠡᠨ ᠤ ᠰᠣᠶᠣᠯ ᠤᠨ ᠨᠢᠭᠡᠨ | ᠭᠠᠶᠢᠬᠠᠮᠰᠢᠭᠲᠤ ᠴᠡᠴᠡᠭ ᠪᠤᠯᠤᠭᠰᠠᠨ ᠶᠤᠮ᠃ ᠣᠶᠢᠷ᠎ᠠ ᠶᠢᠨ ᠵᠢᠯ ᠤᠳ ᠲᠤ᠂ ᠰᠤᠶᠤᠯ ᠷᠠᠳᠢᠤ᠋ ᠲᠧᠯᠸᠢᠰ ᠤᠨ | ᠲᠣᠪᠴᠢᠶ᠎ᠠ ᠢᠳᠡᠪᠬᠢᠲᠡᠶ ᠵᠣᠬᠢᠶᠠᠨ ᠪᠠᠶᠢᠭᠤᠯᠤᠨ ᠠᠭᠤᠳᠠᠯᠯᠠᠵᠤ᠂ ᠤᠯᠠᠮᠵᠢᠯᠠᠯᠲᠤ ᠰᠠᠪᠠᠷᠳᠠᠩ ᠪᠥᠵᠢᠭ ᠢ ᠡᠮᠬᠢᠳᠭᠡᠨ᠂ | ᠠᠷᠠᠳ ᠤᠨ ᠳᠤᠮᠳᠠ ᠤᠯᠠᠮᠵᠢᠯᠠᠨ ᠳᠡᠯᠭᠡᠷᠡᠭᠦᠯᠬᠦ ᠶᠢ ᠴᠢᠷᠮᠠᠶᠢᠨ ᠳᠥᠯᠭᠢᠨ ᠠᠬᠢᠭᠤᠯᠤᠭᠰᠠᠨ ᠤ ᠵᠡᠷᠭᠡᠴᠡᠪᠡᠷ᠂ | ᠠᠶᠢᠮᠠᠭ ᠤᠨ ᠦᠨᠳᠦᠰᠦᠲᠡᠨ ᠤ ᠳᠠᠭᠤᠤ ᠪᠥᠵᠢᠭ ᠤᠨ ᠪᠦᠯᠬᠦᠮ ᠵᠡᠷᠭᠡ ᠲᠤᠰᠬᠠᠶ ᠮᠡᠷᠭᠡᠵᠢᠯ ᠤᠨ ᠤᠷᠠᠯᠢᠭ ᠤᠨ | ᠪᠦᠯᠬᠦᠮ ᠤᠳ ᠤᠨ ᠤᠷᠠᠯᠢᠭ ᠤᠨ ᠦᠢᠯᠡᠳᠦᠯᠭᠡ ᠬᠢᠭᠡᠳ ᠦᠨᠳᠦᠰᠦᠲᠡᠨ ᠤ ᠰᠣᠶᠣᠯ ᠢ ᠬᠠᠮᠠᠭᠠᠯᠠᠬᠤ ᠶᠢ | ᠣᠷᠭᠠᠨᠢᠭ ᠢᠶᠠᠷ ᠠᠭᠤᠰᠤᠯᠴᠠᠭᠤᠯᠬᠤ ᠶᠢ ᠵᠤᠷᠢᠭᠵᠢᠭᠤᠯᠤᠨ᠂ ᠠᠯᠠᠱᠠ ᠶᠢᠨ ᠤᠶᠢᠷᠠᠳ ᠦᠨᠳᠦᠰᠦᠲᠡᠨ ᠤ | ᠰᠤᠶᠤᠯ ᠢᠶᠠᠷ ᠨᠠᠷᠢᠨ ᠠᠭᠤᠯᠭ᠎ᠠ ᠪᠤᠯᠭᠠᠨ᠂ ᠦᠨᠳᠦᠰᠦᠲᠡᠨ ᠤ ᠴᠢᠨᠠᠷ᠂ ᠤᠷᠠᠯᠢᠭᠴᠢ ᠴᠢᠨᠠᠷ᠂ ᠤᠯᠠᠮᠵᠢᠯᠠᠨ | ᠵᠠᠯᠭᠠᠮᠵᠢᠯᠠᠬᠤ ᠴᠢᠨᠠᠷ᠂ ᠦᠵᠡᠮᠦᠷᠢ ᠶᠢᠨ ᠴᠢᠨᠠᠷ᠂ ᠰᠣᠨᠢᠷᠬᠠᠯᠲᠤ ᠴᠢᠨᠠᠷ ᠢ ᠨᠢᠭᠡ ᠴᠤᠭᠴᠠᠵᠢᠭᠤᠯᠤᠭᠰᠠᠨ ᠤᠷᠠᠯᠢᠭ ᠤᠨ | ᠣᠬᠢ ᠪᠦᠲᠦᠭᠡᠯ ᠢ ᠴᠢᠷᠮᠠᠶᠢᠨ ᠪᠤᠢ ᠪᠤᠯᠭᠠᠪᠠ᠃ | ᠲᠤᠰ ᠵᠦᠴᠦᠭᠡ ᠶᠢ ᠵᠣᠬᠢᠶᠠᠨ ᠪᠦᠲᠦᠭᠡᠬᠦ ᠶᠠᠪᠤᠴᠠ ᠳᠤ᠂ ᠠᠶᠢᠮᠠᠭ ᠤᠨ ᠰᠤᠶᠤᠯ ᠷᠠᠳᠢᠤ᠋ ᠲᠧᠯᠸᠢᠰ ᠤᠨ | ᠲᠣᠪᠴᠢᠶᠠᠨ ᠤ ᠳᠠᠷᠤᠭ᠎ᠠ ᠪᠤᠤ ᠶᠢᠨ ᠵᠦᠴᠦᠭᠡ ᠶᠢᠨ ᠵᠤᠬᠢᠶᠠᠨ ᠪᠦᠲᠦᠭᠡᠬᠦ ᠰᠡᠳᠬᠢᠮᠵᠢ᠂ ᠵᠦᠴᠦᠭᠡ ᠨᠠᠶᠢᠷᠠᠭᠤᠯᠬᠤ᠂ | ᠳᠠᠭᠤᠤ ᠬᠥᠭᠵᠢᠮ ᠦᠢᠯᠡᠳᠬᠦ᠂ ᠪᠦᠵᠢᠭ ᠤᠨ ᠲᠠᠶᠢᠰᠠᠨ ᠤ ᠤᠷᠠᠯᠢᠭ ᠢ ᠨᠠᠶᠢᠷᠠᠭᠤᠯᠤᠨ ᠵᠢᠭᠰᠠᠭᠠᠬᠤ ᠵᠡᠷᠭᠡ ᠲᠠᠯ᠎ᠠ ᠪᠠᠷ | ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠪᠤᠯᠤᠨ ᠵᠤᠬᠢᠶᠠᠨ ᠪᠦᠲᠦᠦᠭᠡᠵᠤ ᠲᠤᠭᠯᠠᠬᠤ ᠠᠵᠢᠯᠲᠠᠨ ᠯᠤᠭ᠎ᠠ ᠳᠠᠬᠢᠨ | ᠳᠠᠪᠲᠠᠨ ᠰᠤᠳᠤᠯᠤᠨ ᠶᠠᠷᠢᠯᠴᠠᠵᠤ᠂ ᠰᠠᠨᠠᠯ ᠬᠤᠷᠢᠶᠠᠨ᠂ ᠪᠤᠯᠪᠠᠰᠤᠷᠠᠬᠤ ᠶᠢᠨ ᠲᠤᠬᠠᠶ ᠶᠢᠨ ᠲᠠᠯᠠᠪᠠᠢ ᠳᠤ | ᠪᠡᠶ᠎ᠡ ᠪᠠᠷ ᠢᠶᠠᠨ ᠵᠢᠯᠤᠭᠤᠳᠴᠤ ᠬᠠᠷᠢᠭᠤᠴᠠᠨ ᠬᠢᠨᠠᠪᠠ᠃ ᠵᠦᠴᠦᠭᠡ ᠶᠢᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠤᠰᠠᠳᠠ᠂ ᠠᠶᠢᠮᠠᠭ ᠤᠨ ᠰᠤᠶᠤᠯ ᠷᠠᠳᠢᠤ᠋ ᠲᠧᠯᠸᠢᠰ ᠤᠨ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠳᠤ ᠤᠯᠠᠨᠳᠠ ᠬᠦᠷᠴᠦ ᠪᠡᠯᠡ ᠮᠥᠩᠭᠦ ᠶᠢᠨ ᠳᠡᠮᠵᠢᠯᠭᠡ ᠤᠯᠵᠤ᠂ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠲᠢᠩᠬᠢᠮ ᠤᠨ ᠵᠥᠪᠰᠢᠶᠡᠷᠡᠯ ᠢ ᠣᠯᠤᠭᠰᠠᠨ ᠪᠠᠶᠢᠨ᠎ᠠ᠃ ᠴᠦᠭᠦᠷᠡᠰᠢ ᠦᠭᠡᠶ ᠴᠢᠷᠮᠠᠶᠢᠯᠭ᠎ᠠ ᠪᠠᠷ | ᠳᠠᠮᠵᠢᠭᠠᠳ᠂ ᠰᠠᠪᠠᠷᠳᠠᠩ ᠪᠥᠵᠢᠭ ᠤᠨ ᠪᠡᠶᠡᠯᠡᠭᠡ ᠪᠠᠷ ᠣᠶᠢᠷᠠᠳ ᠠᠶᠢᠮᠠᠭ ᠤᠭᠰᠠᠭ᠎ᠠ ᠶᠢᠨ ᠰᠠᠪᠠᠷᠳᠠᠩ ᠢ | ᠤᠯᠠᠮᠵᠢᠯᠠᠨ ᠵᠠᠯᠭᠠᠮᠵᠢᠯᠠᠭᠰᠠᠨ ᠢ ᠦᠭᠦᠯᠡᠭᠰᠡᠨ ᠠᠩᠬᠠᠨ ᠤ ᠮᠣᠩᠭᠤᠯ ᠵᠦᠴᠦᠭᠡ ︽ᠰᠠᠪᠠᠷᠳᠠᠩ ᠤᠨ ᠬᠤᠪᠢ | ᠪᠠᠷᠢᠯᠳᠤᠯᠭ᠎ᠠ︾ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠣᠳᠣ ᠶᠠᠭ ᠪᠠᠴᠢᠮ ᠲᠤᠭᠯᠠᠨ ᠪᠤᠯᠪᠠᠰᠤᠷᠠᠵᠤ | ᠪᠤᠢ᠂ ᠵᠢᠱᠢᠯᠲᠡ ᠪᠠᠷ 8 ᠳ᠋ᠤᠭᠠᠷ ᠰᠠᠷ᠎ᠠ ᠶᠢᠨ ᠳᠤᠮᠳᠠᠴᠢ ᠪᠠᠷ ᠠᠩᠬ᠎ᠠ ᠤᠳᠠᠭ᠎ᠠ ᠲᠤᠭᠯᠠᠬᠤ ᠪᠤᠯᠤᠨ᠎ᠠ᠃ |