ᠸᠠᠩ ᠵᠢᠶᠦ᠋ᠨ᠄ ᠨᠠᠮ  ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠡᠬᠡ ᠤᠯᠤᠰ  ᠤᠨ ᠤᠮᠠᠷᠠᠳᠤ ᠬᠢᠯᠢ ᠶᠢᠨ ᠦᠩᠭᠡ ᠢᠯᠭᠠᠷᠠᠭᠰᠠᠨ ᠦᠵᠡᠮᠵᠢᠲᠦ ᠤᠷᠤᠨ ᠢ ᠴᠣᠭᠴᠠᠯᠠᠬᠤ ᠳᠤ ᠡᠷᠡᠰ ᠪᠠᠳᠤ ᠪᠠᠳᠤᠯᠠᠭ᠎ᠠ ᠬᠠᠩᠭᠠᠬᠤ ᠬᠡᠷᠡᠭᠳᠡᠢ
ᠨᠡᠶᠢᠲᠡᠯᠡᠭᠰᠡᠨ ᠴᠠᠭ᠄
2015-07-06
     7 ᠳ᠋ᠤᠭᠠᠷ ᠰᠠᠷ᠎ᠠ  ᠶᠢᠨ 3  ᠤ ᠦᠳᠡ  ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ  ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ 2015 ᠣᠨ  ᠤ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠥ᠂ ᠲᠡᠭᠡᠷ᠎ᠡ ᠬᠠᠭᠠᠰ ᠵᠢᠯ  ᠤᠨ ᠪᠦᠬᠦ ᠤᠷᠤᠨ  ᠤ ᠨᠠᠮ ᠤᠨ ᠪᠠᠶᠢᠭᠤᠯᠤᠯᠳᠠ ᠶᠢᠨ ᠠᠵᠢᠯ  ᠢ ᠳ᠋ᠦᠩᠨᠡᠵᠥ᠂ ᠲᠠᠷᠠᠭᠠᠬᠢ ᠱᠠᠳᠤᠨ  ᠤ ᠨᠠᠮ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠠ ᠪᠠᠶᠢᠷᠢᠯᠠᠭᠤᠯᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ  ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ  ᠤᠨ ᠲᠠᠷᠤᠭ᠎ᠠ ᠸᠠᠩ ᠵᠢᠶᠦ᠋ᠨ ᠬᠤᠷᠠᠯ ᠡᠷᠬᠢᠯᠡᠭᠰᠡᠡ ᠪᠦᠭᠡᠳ ᠴᠢᠬᠤᠯᠠ ᠶᠠᠷᠢᠶ᠎ᠠ ᠲᠠᠯᠪᠢᠵᠥ᠂ ︽ᠲᠦᠷᠪᠡᠨ ᠪᠦᠬᠦ ᠲᠠᠯ᠎ᠠ︾  ᠶᠢᠨ ᠪᠠᠶᠢᠯᠳᠤᠬᠤ ᠪᠤᠳᠤᠯᠭ᠎ᠠ  ᠶᠢᠨ ᠪᠠᠶᠢᠷᠢᠰᠢᠭᠤᠯᠤᠯᠳᠠ  ᠶᠢ ᠵᠤᠬᠢᠴᠠᠭᠤᠯᠤᠨ ᠠᠬᠢᠭᠤᠯᠬᠤ ᠦᠨᠳᠦᠷᠴᠡ ᠠᠴᠠ ᠨᠠᠮ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠬᠤ ᠶᠢᠨ ᠲᠦᠢᠯ  ᠤᠨ ᠴᠢᠬᠤᠯᠠ ᠴᠢᠨᠠᠷ ᠢ ᠬᠦᠨᠵᠡᠬᠡᠢ ᠲᠠᠨᠢᠵᠥ᠂ ᠲᠡᠬᠡᠳᠤ ᠬᠡᠮᠵᠢᠶᠡᠨ  ᠤ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭ᠎ᠠ  ᠶᠢᠨ ᠤᠬᠠᠮᠰᠠᠷ ᠢᠶᠠᠷ ᠨᠠᠮ  ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠡᠬᠡ ᠤᠯᠤᠰ  ᠤᠨ ᠤᠮᠠᠷᠠᠳᠤ  ᠬᠢᠯᠢ ᠶᠢᠨ ᠦᠩᠭᠡ ᠢᠯᠭᠠᠷᠠᠭᠰᠠᠨ ᠦᠵᠡᠮᠵᠢᠲᠦ ᠤᠷᠤᠨ ᠢ ᠴᠣᠭᠴᠠᠯᠠᠬᠤ ᠳᠤ ᠡᠷᠡᠰ ᠪᠠᠳᠤ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ  ᠤ ᠤᠳᠤᠷᠢᠳᠤᠯᠭ᠎ᠠ ᠪᠠᠭᠠᠳᠤᠷ᠂ ᠯᠢ ᠵᠢᠶᠠ᠂ ᠵᠠᠩ ᠯᠢ᠂ ᠤᠯᠠᠭᠠᠨ᠂ ᠯᠢ ᠫᠧᠩ ᠰᠢᠨ᠂ ᠹᠦ᠋ ᠲᠠᠢ ᠽᠧᠩ᠂ ᠪᠦ᠋ ᠰᠢᠶᠤᠤ ᠯᠢᠨ᠂ ᠨᠠᠰᠤᠨᠮᠦ᠋ᠩᠬᠡ᠂ ᠳ᠋ᠦ᠋ ᠽᠢ᠂ ᠸᠠᠩ ᠵᠦᠩ ᠡᡁᠧ᠂ ᠰᠢᠩ ᠶᠦᠨ᠂ ᠭᠦᠸᠧ ᠴᠢ ᠵᠢᠶᠦ᠋ᠨ ᠪᠤᠯᠤᠨ ᠦᠪᠡᠷᠳᠡᠭᠡᠨ ᠵᠠᠰᠠᠬᠤ ᠤᠷᠤᠨ  ᠤ ᠨᠠᠮ  ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠨᠢᠬᠡᠴᠡ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠬᠤᠷᠠᠯ ᠠᠴᠠ ᠦᠪᠡᠷᠳᠡᠭᠡᠨ ᠵᠠᠰᠠᠬᠤ ᠤᠷᠤᠨ  ᠤ ᠨᠠᠮ  ᠤᠨ ᠪᠠᠶᠢᠭᠤᠯᠤᠯᠳᠠ  ᠶᠢᠨ ᠠᠵᠢᠯ  ᠤᠨ ᠤᠳᠤᠷᠢᠳᠬᠤ ᠲᠤᠭᠤᠢᠢᠯᠠᠩ  ᠤᠨ ᠦᠵᠡᠯ ᠰᠠᠨᠠᠭᠠᠨ  ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂ ᠰᠤᠷᠳᠠᠯ  ᠤᠨ ᠪᠠᠶᠢᠭᠤᠯᠤᠯᠳᠠ ᠭᠤᠷᠪᠠᠨ ᠲᠤᠰᠬᠠᠢ ᠲᠤᠭᠤᠢᠢᠯᠠᠩ ᠤᠨ ᠲᠡᠭᠡᠷ᠎ᠡ ᠬᠠᠭᠠᠰ ᠵᠢᠯ  ᠤᠨ ᠠᠵᠢᠯ  ᠤᠨ ᠪᠠᠶᠢᠳᠠᠯ  ᠤᠨ ᠬᠠᠷᠢᠭᠤ ᠮᠡᠳᠡᠬᠦᠯᠥᠯᠳᠡ  ᠶᠢ ᠰᠤᠨᠤᠰᠴᠦ᠂ ᠲᠠᠷᠠᠭᠠᠬᠢ ᠱᠠᠳᠤᠨ  ᠤ ᠨᠠᠮ  ᠤᠨ ᠪᠠᠶᠢᠭᠤᠯᠤᠯᠳᠠ  ᠶᠢᠨ ᠭᠤᠤᠯᠳᠠᠯᠭ᠎ᠠ ᠲᠠᠢ ᠠᠵᠢᠯ  ᠢ ᠰᠠᠶᠢᠳᠤᠷ ᠬᠢᠬᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠪᠠ᠃      ᠬᠤᠷᠠᠯ ᠠᠴᠠ᠂ ᠡᠨᠡ ᠵᠢᠯ ᠠᠴᠠ ᠨᠠᠰᠢ᠂ ᠪᠦᠬᠦ ᠤᠷᠤᠨ  ᠤ ᠡᠯ᠎ᠡ ᠱᠠᠳᠤᠨ  ᠤ ᠨᠠᠮ  ᠤᠨ ᠵᠤᠬᠢᠶᠠᠨ ᠪᠠᠶᠢᠭᠤᠯᠤᠯᠳᠠ ᠶᠡᠷᠤᠩᠬᠡᠢ ᠱᠦᠵᠢ ᠰᠢ ᠶᠢᠨ ᠫᠢᠩ  ᠤᠨ ᠠᠯᠢ ᠤᠯᠠᠨ ᠴᠢᠬᠤᠯᠠ ᠶᠠᠷᠢᠶ᠎ᠠ ᠪᠤᠯᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶᠠᠨ  ᠤ ᠵᠤᠷᠢᠭ ᠰᠠᠨᠠᠭ᠎ᠠ  ᠶᠢ ᠬᠦᠨᠵᠡᠬᠡᠢ ᠰᠤᠷᠤᠯᠴᠠᠨ ᠲᠤᠤᠱᠯᠠᠭᠤᠯᠵᠥ᠂ ᠶᠡᠷᠤᠩᠬᠡᠢ ᠱᠦᠵᠢ  ᠶᠢᠨ ᠨᠠᠮ  ᠢ ᠴᠢᠩᠭ᠎ᠠ ᠵᠠᠰᠠᠬᠤ ᠲᠤᠬᠠᠢ ᠨᠠᠢᠮᠠᠨ ᠱᠠᠭᠠᠷᠳᠠᠯᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠨᠠᠮ  ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ  ᠶᠢᠨ ᠡᠯ᠎ᠡ ᠵᠦᠢᠯ  ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠨᠠᠮ ᠨᠢ ᠨᠠᠮ ᠢᠶᠠᠨ ᠬᠠᠮᠢᠶᠠᠷᠬᠤ᠂ ᠨᠠᠮ  ᠢ ᠴᠢᠩᠭ᠎ᠠ ᠵᠠᠰᠠᠬᠤ  ᠶᠢ ᠪᠠᠷᠢᠮᠳᠠᠯᠠᠵᠥ᠂ ᠨᠠᠮ ᠤᠨ ᠦᠵᠡᠯ ᠰᠠᠨᠠᠭᠠᠨ  ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂ ᠰᠤᠷᠳᠠᠯ ᠤᠨ ᠪᠠᠶᠢᠭᠤᠯᠤᠯᠳᠠ ᠂ ᠢᠯᠵᠢᠷᠠᠯ  ᠢ ᠡᠰᠡᠷᠬᠦᠴᠡᠵᠥ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠳᠠ ᠪᠤᠯᠤᠨ ᠲᠦᠷᠢᠮ  ᠤᠨ ᠪᠠᠶᠢᠭᠤᠯᠤᠯᠳᠠ  ᠶᠢ ᠲᠠᠰᠤᠷᠠᠯᠳᠡ ᠦᠭᠡᠢ ᠴᠢᠩᠭᠠᠳᠬᠠᠵᠥ᠂ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠬᠦᠮᠥᠵᠢᠯ  ᠢ ᠯᠠᠪᠳᠠᠭᠤᠨ ᠪᠠᠳᠤᠳᠠᠢ ᠦᠷᠨᠢᠬᠦᠯᠵᠥ᠂ ᠨᠠᠮ  ᠤᠨ ᠪᠠᠶᠢᠭᠤᠯᠤᠯᠳᠠ  ᠶᠢᠨ ᠡᠯ᠎ᠡ ᠵᠦᠢᠯ  ᠤᠨ ᠠᠵᠢᠯ ᠢᠯᠡᠳᠳᠡ ᠦᠷ᠎ᠡ ᠪᠦᠳᠦᠮᠵᠢ ᠤᠯᠵᠥ᠂ ᠨᠠᠮ  ᠢ ᠬᠠᠮᠢᠶᠠᠷᠬᠤ ᠨᠠᠮ ᠢᠶᠠᠨ ᠵᠠᠰᠠᠬᠤ ᠲᠦᠪᠰᠢᠨ ᠤᠯᠠᠮ ᠴᠢᠨᠠᠭᠰᠢᠳᠠ ᠲᠡᠭᠡᠭᠰᠢᠯᠡᠭᠰᠡᠡ ᠪᠠᠶᠢᠨ᠎ᠠ᠃ ᠪᠦᠬᠦ ᠤᠷᠤᠨ  ᠤ ᠡᠯ᠎ᠡ ᠱᠠᠳᠤᠨ  ᠤ ᠨᠠᠮ  ᠤᠨ ᠵᠤᠬᠢᠶᠠᠨ ᠪᠠᠶᠢᠭᠤᠯᠤᠯᠳᠠ ᠡᠮᠤᠨ᠎ᠡ ᠬᠤᠭᠤᠴᠠᠠᠭᠨ  ᠤ ᠨᠠᠮ  ᠤᠨ ᠪᠠᠶᠢᠭᠤᠯᠤᠯᠳᠠ  ᠶᠢᠨ ᠠᠵᠢᠯ  ᠤᠨ ᠠᠮᠵᠢᠯᠳᠠ ᠪᠤᠯᠤᠨ ᠲᠤᠷᠰᠢᠯᠭ᠎ᠠ  ᠶᠢ ᠪᠦᠬᠦ ᠲᠠᠯ᠎ᠠ ᠪᠠᠷ ᠲᠢᠭᠯᠡᠠ ᠡᠮᠬᠢᠳᠬᠡᠵᠥ᠂ ᠰᠢᠰᠲ᠋ᠧᠮ ᠲᠠᠢ ᠳ᠋ᠦᠩᠨᠡᠵᠥ᠂ ᠤᠷᠤᠰᠢᠵᠥ ᠪᠠᠶᠢᠭ᠎ᠠ ᠠᠰᠠᠭᠤᠳᠠᠯ ᠪᠤᠯᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠥ᠂ ᠨᠠᠮ  ᠤᠨ ᠪᠠᠶᠢᠭᠤᠯᠤᠯᠳᠠ  ᠶᠢᠨ ᠡᠯ᠎ᠡ ᠵᠦᠢᠯ  ᠤᠨ ᠠᠵᠢᠯ  ᠢ ᠯᠠᠪᠳᠠᠭᠤᠨ ᠪᠠᠳᠤᠳᠠᠢ ᠰᠠᠶᠢᠳᠤᠷ ᠬᠢᠵᠡᠢ ᠭᠡᠵᠦ ᠦᠵᠡᠪᠡ᠃      ᠬᠤᠷᠠᠯ ᠠᠴᠠ᠂ ᠪᠦᠬᠦ ᠤᠷᠤᠨ  ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠦᠨᠳᠦᠷᠴᠡ ᠠᠴᠠ ᠪᠦᠬᠦ ᠲᠠᠯ᠎ᠠ ᠪᠠᠷ ᠨᠠᠮ  ᠢ ᠴᠢᠩᠭ᠎ᠠ ᠵᠠᠰᠠᠬᠤ ᠶᠢᠨ ᠲᠦᠢᠯ ᠤᠨ ᠴᠢᠬᠤᠯᠠ ᠴᠢᠨᠠᠷ ᠪᠠ ᠪᠤᠳᠠᠳᠤ ᠲᠤᠯᠭᠠᠮ᠎ᠠ ᠴᠢᠨᠡᠷ  ᠢ ᠬᠦᠢᠴᠡᠳ ᠲᠠᠨᠢᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠲᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽1 + 3︾ ᠲᠦᠷᠢᠮ  ᠤᠨ ᠰᠢᠰᠲ᠋ᠧᠮ  ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠰᠠᠭᠤᠳᠠᠯ ᠤᠨ ᠳᠤᠬᠠᠢ ᠲᠠᠨᠢᠯᠳᠠ ᠪᠠᠨ ᠴᠢᠩᠭᠠᠳᠬᠠᠵᠤ᠂ ᠠᠰᠠᠭᠤᠳᠠᠯ ᠢ ᠪᠠᠷᠢᠵᠤ ᠠᠵᠢᠯ ᠢᠶᠠᠨ ᠠᠳᠬᠤᠠ᠂ ᠨᠠᠮ ᠤᠨ ᠪᠠᠶᠢᠭᠤᠯᠤᠯᠳᠠ ᠶᠢᠨ ᠠᠵᠢᠯ ᠤᠨ ᠴᠢᠭᠯᠡᠬᠦᠯᠦᠯᠳᠦ ᠴᠢᠨᠡᠷ᠂ ᠪᠤᠳᠠᠳᠠᠢ ᠦᠷ᠎ᠠ ᠪᠦᠳᠦᠮᠵᠢᠳᠦ ᠴᠢᠨᠡᠷ ᠪᠠ ᠡᠬᠦᠳᠦᠨ ᠪᠦᠳᠦᠭᠡᠬᠦ ᠴᠢᠨᠡᠷ ᠢ ᠲᠠᠰᠤᠷᠠᠯᠳᠠ ᠦᠭᠡᠢ ᠴᠢᠩᠭᠠᠳᠬᠠᠵᠦ᠂ ᠮᠠᠨ ᠤ ᠤᠷᠤᠨ  ᠤ ᠨᠠᠮ  ᠤᠨ ᠪᠠᠶᠢᠭᠤᠯᠤᠯᠳᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢ ᠠᠬᠢᠭᠤᠯᠬᠤ ᠭᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠨᠡᠨᠬᠦ ᠴᠢᠩᠭᠠᠳᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶᠠᠨ  ᠤ ᠵᠤᠷᠢᠭ ᠰᠠᠨᠠᠭ᠎ᠠ ᠪᠠ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ  ᠪᠠᠷ ᠰᠢᠰᠲ᠋ᠧᠮ  ᠲᠠᠢ᠂ ᠬᠦᠨᠵᠡᠭᠡᠢ ᠦᠷᠬᠦᠯᠵᠢᠯᠡᠨ ᠰᠤᠷᠤᠯᠴᠠᠨ ᠲᠤᠤᠱᠯᠠᠭᠤᠯᠵᠦ᠂ ᠰᠠᠨᠠᠭᠠᠴᠢᠯᠠᠭ᠎ᠠ ᠠᠴᠠ ᠪᠠᠨ ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠳᠡᠭᠡᠷ᠎ᠠ ᠪᠠᠨ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠭᠰᠠᠨ ᠨᠠᠮ  ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠭᠡᠷᠡᠭᠲᠡᠢ᠃ ᠭᠡᠰᠡᠭ ᠮᠤᠵᠢ ᠤᠷᠤᠨ ᠬᠤᠳᠠ ᠶᠢᠨ ᠲᠤᠰᠬᠤᠨ ᠪᠠ ᠨᠡᠶᠢᠭᠡᠮ ᠲᠤᠭᠤᠷᠢᠭ ᠤᠨ ᠨᠡᠮ ᠤᠨ ᠡᠬᠦᠷ ᠠᠷᠠᠳ ᠤᠨ ᠵᠦᠪᠯᠡᠯ  ᠤᠨ ᠬᠤᠭᠤᠴᠠᠭ᠎ᠠ ᠰᠤᠯᠢᠬᠤ ᠠᠵᠢᠯ  ᠤᠨ ᠶᠠᠷᠢᠯᠴᠠᠬᠤ ᠬᠤᠷᠠᠯ᠂ ᠪᠦᠬᠦ ᠤᠯᠤᠰ  ᠤᠨ ᠬᠦᠳᠡᠭᠡ ᠲᠤᠰᠬᠤᠨ ᠤ ᠦᠨᠳᠦᠰᠦᠨ ᠱᠠᠳᠤᠨ  ᠤ ᠨᠠᠮ  ᠤᠨ ᠪᠠᠶᠢᠭᠤᠯᠤᠯᠳᠠ ᠶᠢᠨ ᠠᠵᠢᠯ  ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠨᠡᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠪᠠ ︽ᠬᠤᠶᠠᠷ ᠰᠢᠨ᠎ᠠ︾ ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢᠶᠠᠷ ᠭᠤᠤᠯᠳᠠᠯᠭ᠎ᠠ ᠪᠤᠯᠭᠠᠵᠦ᠂ ᠪᠠᠶᠢᠭᠤᠯᠭ᠎ᠠ ᠨᠢᠭᠡᠴᠡ᠂ ᠶᠡᠭᠡ ᠳᠡᠭᠡᠳᠦ ᠰᠤᠷᠭᠠᠭᠤᠯᠢ᠂ ᠠᠵᠤ ᠠᠬᠤᠢᠢᠯᠠᠯ ᠠᠵᠢᠯ ᠦᠢᠯᠡᠰ  ᠤᠨ ᠨᠢᠬᠡᠴᠠ ᠵᠡᠷᠭᠡ ᠬᠦᠷᠢᠶᠡᠨ ᠳᠠᠬᠢ ᠦᠨᠳᠦᠰᠦᠨ ᠱᠠᠳᠤᠨ ᠤ ᠨᠠᠮ  ᠤᠨ ᠪᠠᠶᠢᠭᠤᠯᠤᠯᠳᠠ ᠶᠢᠨ ᠠᠵᠢᠯ  ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠠᠳᠬᠤᠬᠤ ᠭᠡᠷᠡᠭᠲᠡᠢ᠃ ︽ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ᠰᠤᠷᠳᠠᠯ ᠤᠨ ᠪᠠᠶᠢᠭᠤᠯᠤᠯᠳᠠ ᠶᠢ ᠬᠦᠨᠵᠡᠭᠡᠢ ᠦᠷᠬᠦᠯᠵᠢᠯᠡᠨ ᠠᠬᠢᠭᠤᠯᠵᠦ᠂ ᠢᠯᠵᠢᠷᠡᠯ  ᠢ ᠵᠠᠯᠬᠠᠭᠠᠨ ᠰᠢᠳᠭᠡᠬᠦ ᠰᠦᠷ ᠬᠦᠴᠦᠳᠦ ᠪᠠᠶᠢᠳᠠᠯ  ᠢ ᠢᠮᠠᠭᠳᠠ ᠪᠠᠳᠤᠯᠠᠵᠦ᠂ ᠨᠠᠮ  ᠤᠨ ᠰᠤᠷᠳᠠᠯ ᠴᠢᠭᠡᠴᠢ ᠵᠠᠰᠠᠭ  ᠤᠨ ᠪᠠᠶᠢᠭᠤᠯᠤᠯᠳᠠ ᠪᠠ ᠢᠯᠵᠢᠷᠡᠯ  ᠢ ᠡᠰᠡᠷᠬᠦᠴᠡᠬᠦ ᠲᠡᠮᠡᠴᠡᠯ  ᠢ ᠭᠤᠶᠢᠪᠢᠰᠢ ᠦᠭᠡᠢ ᠪᠠᠷ ᠬᠦᠨ ᠲᠠᠪᠬᠤᠷᠭ᠎ᠠ ᠲᠡᠰᠢ ᠬᠦᠨᠵᠡᠬᠡᠶᠢᠷᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠨᠡᠶᠢᠭᠡᠮ ᠤᠨ ᠵᠤᠬᠢᠶᠠᠨ ᠪᠠᠶᠢᠭᠤᠯᠤᠯᠳᠠ ᠤᠨ ᠨᠠᠮ  ᠤᠨ ᠪᠠᠶᠢᠭᠤᠯᠤᠯᠳᠠ ᠶᠢᠨ ᠠᠵᠢᠯ  ᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾  ᠢ ᠬᠢᠨᠠᠨ ᠪᠠᠳᠤᠯᠠᠵᠦ᠂ ᠨᠠᠶᠢᠭᠡᠮ  ᠤᠨ ᠵᠤᠬᠢᠶᠠᠨ ᠪᠠᠶᠢᠭᠤᠯᠤᠯᠳᠠ ᠵᠢᠴᠢ ᠨᠡᠶᠢᠭᠡᠮ  ᠤᠨ ᠵᠤᠬᠢᠶᠠᠨ ᠪᠠᠶᠢᠭᠤᠯᠤᠯᠳᠠ ᠶᠢᠨ ᠨᠠᠮ  ᠤᠨ ᠵᠤᠬᠢᠶᠠᠨ ᠪᠠᠶᠢᠭᠤᠯᠤᠯᠳᠠ ᠶᠢᠨ ᠪᠠᠶᠢᠷᠢ ᠰᠠᠭᠤᠷᠢ ᠪᠠ ᠦᠢᠯᠡᠳᠦᠯ  ᠢ ᠴᠢᠨᠠᠭᠰᠢᠳᠠ ᠳᠤᠳᠤᠷᠬᠠᠢᠢᠯᠠᠵᠦ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠨᠠᠮ  ᠤᠨ ᠪᠠᠶᠢᠭᠤᠯᠤᠯᠳᠠ ᠶᠢᠨ ᠠᠵᠢᠯ  ᠤᠨ ᠦᠨᠳᠦᠰᠦᠨ ᠵᠠᠷᠴᠢᠮ ᠪᠠ ᠬᠠᠷᠠᠯᠳᠠ ᠡᠬᠦᠷᠭᠡ ᠶᠢ ᠳᠤᠳᠤᠷᠬᠠᠢᠢᠯᠠᠵᠦ᠂ ᠲᠦᠷᠢᠮ  ᠤᠨ ᠪᠠᠶᠢᠭᠤᠯᠤᠯᠳᠠ ᠶᠢ ᠴᠢᠩᠭᠠᠳᠬᠠᠬᠤ᠂ ᠰᠠᠭᠤᠷᠢ ᠪᠠᠳᠤᠯᠠᠭ᠎ᠠ ᠶᠢ ᠨᠠᠶᠢᠳᠠᠪᠤᠷᠢᠵᠢᠭᠤᠯᠬᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠳᠤᠳᠤᠷᠬᠠᠢ ᠪᠤᠳᠠᠳᠠᠢ ᠠᠷᠭ᠎ᠠ ᠠᠪᠴᠠᠯ ᠠᠷᠭ᠎ᠠ ᠭᠡᠮᠵᠢᠶ᠎ᠠ ᠶᠢ ᠲᠤᠷᠠᠳᠴᠦ᠂ ᠰᠢᠨ᠎ᠠ ᠪᠠᠶᠢᠳᠠᠯ ᠳᠤᠤᠷ᠎ᠠ ᠮᠠᠨ  ᠤ ᠤᠷᠤᠨ  ᠤ ᠨᠡᠶᠢᠭᠡᠮ  ᠤᠨ ᠵᠤᠬᠢᠶᠠᠨ ᠪᠠᠶᠢᠭᠤᠯᠤᠯᠳᠠ ᠶᠢᠨ ᠨᠠᠮ  ᠤᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠳᠤ ᠴᠢᠬᠤᠯᠠ ᠪᠠᠳᠤᠯᠠᠭ᠎ᠠ ᠬᠠᠩᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号