ᠥᠪᠥᠷ ᠮᠣᠩᠭᠤᠯ ᠪᠦᠬᠦ ᠣᠷᠣᠨ ᠤ ᠴᠢᠰᠤᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/7/7
     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠠᠴᠠ ᠪᠦᠬᠦ ᠣᠷᠣᠨ ᠤ ᠴᠢᠰᠤᠨ ᠤ ᠬᠠᠮᠢᠶᠠᠷᠤᠯᠲᠠ ᠶᠢᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠶᠢᠨ ‍ᠤᠤᠢ ᠯᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠪᠦᠬᠦ ᠤᠯᠤᠰ ᠤᠨ ᠴᠢᠰᠤᠨ ᠤ ᠬᠠᠮᠢᠶᠠᠷᠤᠯᠲᠠ ᠪᠠ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠠᠬᠤ ᠥᠭᠬᠦ ᠠᠵᠢᠯ ᠤᠨ ᠲᠤᠬᠠᠢ ᠳᠡᠳ᠋ ᠶᠡᠷᠦᠩᠬᠡᠶ ᠰᠠᠶᠢᠳ ᠯᠢᠦ ᠶᠠᠨ ᠳ᠋ᠦᠩ ᠤᠨ ᠴᠢᠬᠤᠯᠠ ᠴᠣᠬᠤᠯᠠᠪᠤᠷᠢ ᠶᠢ ᠤᠯᠠᠮᠵᠢᠯᠠᠵᠤ᠂ ᠪᠦᠬᠦ ᠣᠷᠣᠨ ᠤ ᠴᠢᠰᠤᠨ ᠤ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠡᠪᠲᠡᠷᠡᠭᠦᠯᠪᠡ᠃ ᠣᠶᠢᠷ᠎ᠠ ᠶᠢᠨ ᠵᠢᠯ ᠳᠤ᠂ ᠡᠯ᠎ᠡ ᠭᠠᠵᠠᠷ ᠤᠨ ᠬᠢᠨ ᠵᠠᠰᠠᠭ ᠤᠨ ᠣᠷᠳᠣᠨ ᠤᠳᠤᠷᠢᠳᠤᠭᠰᠠᠨ᠂ ᠰᠠᠯᠠᠭ᠎ᠠ ᠮᠥᠴᠢᠷ ᠤᠳ ᠬᠤᠷᠰᠢᠯᠴᠠᠭᠰᠠᠨ᠂ ᠨᠡᠶᠢᠭᠡᠮ ᠳᠠᠶᠠᠭᠠᠷ ᠢᠶᠠᠨ ᠣᠷᠣᠯᠴᠠᠭᠰᠠᠨ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ᠂ ᠴᠢᠰᠤᠨ ᠤ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂  ᠴᠢᠰᠤᠨ ᠤ ᠬᠠᠮᠢᠶᠠᠷᠤᠯᠲᠠ ᠪᠤᠯᠤᠨ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠂ ᠴᠢᠰᠤ  ᠠᠪᠬᠤ ᠴᠢᠰᠤ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠪᠠ ᠴᠢᠰᠤᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠠᠰᠤᠷᠠᠯᠲᠠ ᠦᠭᠡᠶ ᠲᠡᠭᠦᠯᠳᠡᠷᠵᠢᠭᠦᠯᠦᠭᠡᠳ᠂ ᠪᠦᠬᠦ ᠣᠷᠣᠨ ᠤ ᠴᠢᠰᠤ ᠬᠠᠩᠭᠠᠬᠤ ᠴᠢᠳᠠᠪᠤᠷᠢ᠂ ᠴᠢᠰᠤᠨ ᠤ ᠠᠮᠤᠷ ᠲᠦᠪᠰᠢᠨ ᠪᠠ ᠡᠮᠴᠢᠯᠡᠭᠡᠨ ᠳᠤ ᠴᠢᠰᠤ ᠶᠢ ᠵᠦᠶ ᠵᠣᠬᠢᠰᠲᠠᠶ ᠬᠡᠷᠡᠭᠯᠡᠬᠦ ᠬᠢᠷᠢ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠪᠡ᠃      ᠬᠤᠷᠠᠯ ᠠᠴᠠ ᠮᠠᠨ ᠤ ᠣᠷᠣᠨ ᠤ ᠴᠢᠰᠤᠨ ᠤ ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠵᠠᠰᠠᠭ ᠤᠨ ᠣᠷᠳᠣᠨ ᠤᠳᠤᠷᠢᠳᠤᠭᠰᠠᠨ᠂ ᠰᠠᠯᠠᠭ᠎ᠠ ᠮᠥᠴᠢᠷ ᠎ ᠤᠳ ᠬᠤᠷᠰᠢᠯᠴᠠᠭᠰᠠᠨ᠂ ᠨᠡᠶᠢᠭᠡᠮ ᠳᠠᠶᠠᠭᠠᠷ ᠢᠶᠠᠨ ᠣᠷᠣᠯᠴᠠᠭᠰᠠᠨ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠠᠬᠤ ᠠᠵᠢᠯ ᠢ ᠬᠠᠤᠯᠢ ᠶᠣᠰᠣᠭᠠᠷ ᠳᠥᠯᠭᠢᠨ ᠠᠬᠢᠭᠤᠯᠬᠤ ᠬᠡᠷᠡᠭᠲᠠᠢ︔ ᠬᠦᠨᠳᠡᠯᠡᠨ ᠪᠠ ᠭᠤᠯᠳᠤ ᠪᠠᠷ ᠨᠡᠶᠢᠳᠡᠮ ᠳᠤ ᠬᠦᠷᠦᠩᠰᠡᠨ᠂ ᠬᠤᠲᠠ ᠬᠥᠳᠡᠭᠡ ᠶᠢ ᠬᠠᠮᠤᠷᠤᠭᠰᠠᠨ ᠴᠢᠰᠤᠨ ᠤ ᠥᠷᠲᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠲᠦᠭᠡᠨ ᠪᠠᠶᠢᠭᠤᠯᠬᠤ ᠬᠡᠷᠡᠭᠲᠠᠢ︔ ᠪᠦᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠪᠠ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠡᠮᠴᠢᠯᠡᠭᠡᠨ ᠳᠤ ᠴᠢᠰᠤ ᠶᠢ ᠵᠦᠶ ᠵᠣᠬᠢᠰᠲᠠᠶ ᠬᠡᠷᠡᠭᠯᠡᠬᠦ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠷᠠᠭᠤᠯᠤᠨ᠂ ᠴᠢᠰᠤᠨ ᠤ ᠶᠠᠰᠤ ᠴᠢᠨᠠᠷ ᠪᠤᠯᠤᠨ ᠠᠶᠤᠯ ᠦᠭᠡᠢ ᠶᠢ ᠪᠠᠲᠤᠯᠠᠬᠤ ᠬᠡᠷᠡᠭᠲᠠᠢ᠃ 2015 ᠣᠨ ᠤ ᠵᠢᠯ ᠤᠨ ᠡᠴᠦᠰ ᠪᠤᠯᠬᠤ ᠳᠤ᠂ ᠴᠢᠰᠤᠨ ᠤ ᠥᠷᠲᠡᠭᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠶᠢ ᠪᠦᠷᠢᠨ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠠᠢ︔ 2020 ᠣᠨ ᠪᠣᠯᠬᠤ ᠳᠤ᠂ ᠬᠥᠮᠦᠨ ᠠᠮᠠ ᠶᠢᠨ ᠴᠢᠰᠤ ᠬᠠᠨᠳᠢᠪᠯᠠᠬᠤ ᠨᠣᠷᠮ᠎ᠠ ᠶᠢ 15 ‰ ᠳᠡᠭᠡᠭᠰᠢ ᠳᠤ ᠬᠦᠷᠦᠭᠦᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠯᠦᠭᠡ ᠲᠤᠬᠢᠷᠠᠯᠴᠠᠭᠰᠠᠨ ᠴᠢᠰᠤᠨ ᠤ ᠥᠷᠲᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠴᠢᠰᠤᠨ ᠤ ᠶᠠᠰᠤ ᠴᠢᠨᠠᠷ ᠤᠨ ᠠᠮᠤᠷ ᠲᠦᠪᠰᠢᠨ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠢᠰᠤᠨ ᠤ ᠠᠶᠤᠯ ᠦᠭᠡᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠢᠰᠤᠨ ᠦᠢᠯᠡᠳᠬᠦᠨ ᠤ ᠲᠦᠭᠰᠢᠭᠦᠷᠢ ᠶᠢᠨ ᠬᠡᠮᠵᠢᠶ᠎ᠡ ᠶᠢ ᠪᠦᠲᠦᠮᠵᠢᠲᠠᠢ ᠪᠠᠭᠠᠰᠬᠠᠬᠤ ᠬᠡᠷᠡᠭᠲᠠᠢ ᠭᠡᠵᠤ ᠱᠠᠭᠠᠷᠳᠠᠪᠠ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂  ᠪᠤᠭᠤᠲᠤ ᠬᠤᠲᠠ ᠪᠤᠯᠤᠨ ᠲᠦᠩᠯᠢᠶᠣᠤ ᠬᠤᠲᠠ ᠶᠢᠨ ᠴᠢᠰᠤᠨ ᠤ ᠭᠤᠤᠯ ᠥᠷᠲᠡᠭᠡ ᠶᠢᠨ ᠲᠤᠰ ᠲᠤᠰ ᠠᠳᠠᠯᠢ ᠪᠤᠰᠤ ᠲᠠᠯ᠎ᠠ ᠠᠴᠠ ᠴᠢᠰᠤ ᠠᠪᠬᠤ ᠴᠢᠰᠤ ᠬᠠᠩᠭᠠᠬᠤ ᠪᠠ ᠡᠮᠴᠢᠯᠡᠭᠡᠨ ᠳᠤ ᠴᠢᠰᠤ ᠶᠢ ᠵᠦᠶ ᠵᠣᠬᠢᠰᠲᠠᠶ ᠬᠡᠷᠡᠭᠯᠡᠬᠦ ᠲᠠᠯ᠎ᠠ ᠪᠠᠷ ᠬᠢ ᠲᠤᠷᠰᠢᠯᠭ᠎ᠠ ᠪᠠᠨ ᠲᠠᠨᠢᠯᠴᠠᠭᠤᠯᠬᠤ ᠶᠢ ᠲᠤᠬᠢᠷᠠᠭᠤᠯᠪᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ᠡᠮᠨᠡᠯᠭᠡ ᠶᠠᠪᠤᠳᠠᠯ ᠡᠮᠨᠡᠯᠭᠡ ᠶᠢᠨ ᠬᠠᠮᠢᠶᠠᠷᠤᠯᠲᠠ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠤᠨ ᠤᠳᠤᠷᠢᠳᠬᠤ ᠪᠠᠭ᠂ ᠬᠤᠯᠪᠣᠭᠳᠠᠯ ᠪᠦᠬᠦᠢ ᠰᠠᠯᠠᠭ᠎ᠠ ᠬᠡᠷ ᠤᠨ ᠬᠠᠷᠢᠭᠤᠴᠠᠯᠭᠠᠲᠠᠨ ᠨᠠᠷ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ︔ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ︵ᠡᠷᠡᠭᠦᠯ ᠬᠠᠮᠠᠭᠠᠯᠠᠯ ᠤᠨ ᠲᠣᠪᠴᠢᠶ᠎ᠠ︶᠎ ᠤᠨ ᠬᠤᠪᠢᠳᠠᠨ ᠬᠠᠮᠢᠶᠠᠷᠴᠤ ᠪᠦᠬᠦᠢ ᠬᠠᠮᠢᠶᠠᠷᠬᠤ ᠤᠳᠤᠷᠢᠳᠤᠯᠭ᠎ᠠ ᠪᠤᠯᠤᠨ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠴᠢᠰᠤᠨ ᠤ ᠭᠤᠤᠯ ᠥᠷᠲᠡᠭᠡ ᠶᠢᠨ ᠳᠠᠷᠤᠭ᠎ᠠ ᠪᠤᠯᠤᠨ ᠬᠤᠯᠪᠣᠭᠳᠠᠯ ᠪᠦᠬᠦᠢ ᠰᠠᠯᠠᠭ᠎ᠠ ᠬᠡᠷ ᠤᠨ ᠬᠠᠷᠢᠭᠤᠴᠠᠯᠭᠠᠲᠠᠨ᠂ ᠡᠯ᠎ᠡ  ᠴᠢᠰᠤᠨ ᠤ ᠭᠤᠤᠯ ᠬᠥᠮᠥᠷᠭᠡ ᠶᠢᠨ ᠬᠠᠷᠢᠭᠤᠴᠠᠯᠭᠠᠲᠠᠨ ᠨᠥᠬᠦᠳ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠬᠤᠪᠢᠳᠠᠨ ᠬᠠᠮᠢᠶᠠᠷᠴᠤ ᠪᠦᠬᠦᠢ ᠳᠠᠷᠤᠭ᠎ᠠ᠂ ᠡᠮᠨᠡᠯᠭᠡ ᠶᠢᠨ ᠶᠠᠪᠤᠳᠠᠯ ᠤᠨ ᠰᠠᠯᠠᠭ᠎ᠠ ᠮᠥᠴᠢᠷ ᠪᠤᠯᠤᠨ ᠡᠮᠴᠢᠯᠡᠭᠡᠨ ᠤ ᠴᠢᠰᠤ ᠶᠡᠭᠦᠯᠡᠬᠦ ᠰᠠᠯᠠᠭ᠎ᠠ ︵ᠰᠢᠯᠭᠠᠨ ᠪᠠᠶᠢᠴᠠᠭᠠᠬᠤ ᠰᠠᠯᠠᠭ᠎ᠠ︶ ᠵᠢᠴᠢ ᠴᠢᠰᠤᠨ ᠬᠡᠷᠡᠭᠯᠡᠬᠦ ᠬᠡᠮᠵᠢᠶ᠎ᠡ ᠪᠠᠷ ᠨᠡᠯᠢᠶᠡᠳ ᠶᠡᠭᠡ ᠪᠠᠶᠢᠭ᠎ᠠ ᠰᠠᠯᠠᠭ᠎ᠠ ᠬᠡᠷ ᠤᠨ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠵᠠᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号