ᠰᠢᠯᠢ ᠶᠢᠨ ᠬᠤᠲᠠ ᠮᠣᠩᠭᠤᠯ ᠬᠢᠲᠠᠳ ᠬᠤᠶᠠᠷ ᠬᠡᠯᠡᠨ ᠤ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠭᠠᠷ ᠳᠡᠪᠲᠡᠷ︾᠎ ᠢ ᠨᠠᠷᠢᠯᠢᠭ ᠨᠠᠶᠢᠷᠠᠭᠤᠯᠤᠨ ᠬᠤᠣᠰ ᠬᠡᠯᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2015/7/8
     ᠠᠷᠠᠳ ᠲᠤ ᠦᠢᠯᠡᠴᠢᠯᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠣᠰᠠᠳᠠ᠂  ᠣᠶᠢᠷ᠎ᠠ ᠳᠤ᠂ ᠰᠢᠯᠢ ᠶᠢᠨ ᠬᠤᠲᠠ 900 ᠳᠡᠪᠲᠡᠷ ᠮᠣᠩᠭᠤᠯ ᠬᠢᠲᠠᠳ ᠬᠤᠶᠠᠷ ᠬᠡᠯᠡᠨ ᠤ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠭᠠᠷ ᠳᠡᠪᠲᠡᠷ︾᠎ ᠢ ᠨᠠᠷᠠᠯᠢᠭ ᠨᠠᠶᠢᠷᠠᠭᠤᠯᠤᠨ ᠦᠨᠳᠦᠰᠦᠨ ᠱᠠᠲᠤᠨ ᠳᠤ ᠪᠠᠭᠤᠬᠤ ᠺᠠᠲᠠᠷᠴᠤᠳ ᠲᠤ ᠲᠠᠷᠬᠠᠭᠠᠨ ᠥᠭᠴᠦ᠂ ᠨᠡᠶᠢᠭᠡᠮ ᠲᠣᠭᠤᠷᠢᠭ ᠲᠤ ᠪᠠᠭᠤᠵᠤ᠂ ᠮᠠᠯᠵᠢᠬᠤ ᠣᠷᠣᠨ ᠳᠤ ᠬᠦᠷᠴᠦ ᠨᠢᠭᠤᠷᠲᠠᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠮᠠᠯᠴᠢᠨ ᠪᠠ ᠰᠠᠭᠤᠭᠠᠯᠢ ᠠᠷᠠᠳ ᠲᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠬᠡᠷᠡᠭ ᠡᠷᠬᠢᠯᠡᠬᠦ ᠴᠤᠪᠤᠷᠠᠯ ᠵᠡᠷᠭᠡ ᠶᠢ ᠴᠠᠭ ᠲᠤᠬᠠᠢ ᠳᠤᠨᠢ ᠡᠵᠡᠮᠰᠢᠭᠦᠯᠵᠦ ᠪᠠᠶᠢᠨ᠎ᠠ᠃ ᠣᠳᠣᠬᠠᠨ ᠳᠤ᠂ ᠲᠤᠰ ᠭᠠᠷ ᠳᠡᠪᠲᠡᠷ ᠢ ᠨᠢᠭᠡᠨᠲᠡ 860 ᠦᠨᠳᠦᠰᠦᠨ ᠱᠠᠲᠤᠨ ᠳᠤ ᠪᠠᠭᠤᠬᠤ ᠺᠠᠲᠠᠷᠴᠤᠳ ᠲᠤ ᠲᠠᠷᠬᠠᠭᠠᠨ ᠥᠭᠴᠦ᠂ ᠡᠯ᠎ᠡ ᠱᠠᠲᠤᠨ ᠤ ᠺᠠᠳ᠋ᠷᠴᠤᠳ ᠤᠨ ᠠᠵᠢᠯ ᠤᠨ ᠵᠦᠭᠯᠡᠭᠦᠷ ᠪᠣᠯᠵᠤ ᠪᠤᠢ᠃      ᠲᠤᠰ ᠭᠠᠷ ᠳᠡᠪᠲᠡᠷ ᠲᠤ ᠮᠠᠯ ᠠᠵᠤ ᠠᠬᠤᠶ ᠶᠢᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠠᠷᠠᠳ ᠤᠨ ᠶᠠᠪᠤᠳᠠᠯ ᠤᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠰᠤᠷᠭᠠᠨ ᠬᠥᠮᠦᠵᠢᠯ ᠤᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠠᠵᠢᠯ ᠣᠯᠭᠤᠯᠲᠠ ᠶᠢᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠬᠠᠤᠯᠢ ᠴᠠᠭᠠᠵᠠ ᠶᠢᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠦᠢᠯᠡᠴᠢᠯᠡᠭᠡᠨ ᠤ ᠵᠦᠭᠯᠡᠭᠦᠷ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠢᠯᠡᠴᠢᠯᠡᠭᠡᠨ ᠤ ᠵᠦᠭᠯᠡᠭᠦᠷ ᠵᠡᠷᠭᠡ 9 ᠶᠡᠭᠡ ᠲᠥᠷᠥᠯ ᠤᠨ ᠰᠠᠭᠤᠭᠠᠯᠢ ᠠᠷᠠᠳ ᠯᠤᠭ᠎ᠠ ᠨᠢᠭᠲᠠ ᠬᠤᠯᠪᠣᠭ᠎ᠠ ᠲᠠᠢ ᠦᠢᠯᠡᠴᠢᠯᠡᠭᠡᠨ ᠤ ᠵᠦᠢᠯᠡᠰ ᠢ ᠪᠠᠭᠲᠠᠭᠠᠪᠠ᠃ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠪᠣᠳᠠᠲᠠᠶ ᠠᠮᠠᠯᠠᠯᠲᠠ ᠶᠢᠨ ᠴᠠᠭ ᠬᠤᠭᠤᠴᠠᠭ᠎ᠠ ᠶᠢ ᠲᠣᠲᠣᠷᠬᠠᠶᠢᠯᠠᠵᠤ᠂ ᠰᠢᠢᠳᠪᠦᠷᠢᠯᠡᠬᠦ ᠴᠤᠪᠤᠷᠠᠯ᠂ ᠲᠤᠰᠢᠶᠠᠬᠤ ᠴᠢᠬᠤᠯᠠᠲᠠᠢ ᠮᠠᠲ᠋ᠧᠷᠢᠶᠠᠯ ᠪᠠ ᠭᠠᠷᠳᠠᠨ ᠬᠢᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠬᠠᠳᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠡᠩ ᠣᠨᠣᠪᠴᠢᠲᠠᠶ ᠨᠠᠷᠢᠨ ᠨᠢᠮᠪᠠᠶ ᠬᠠᠷᠢᠭᠤᠯᠲᠠ ᠬᠠᠩᠭᠠᠵᠤ᠂ ᠦᠢᠯᠡᠴᠢᠯᠡᠭᠡᠨ ᠤ ᠠᠵᠢᠯ ᠤᠨ ᠲᠤᠩᠭᠠᠴᠠ ᠶᠢ ᠨᠡᠮᠡᠭᠳᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠷᠠᠳ ᠲᠤ ᠳᠥᠭᠦᠮ ᠦᠵᠡᠭᠦᠯᠬᠦ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠳᠤ ᠬᠢᠨᠠᠯᠲᠠ ᠲᠠᠯᠪᠢᠬᠤ ᠳᠤ ᠳᠦᠭᠦᠮ ᠦᠵᠡᠭᠦᠯᠪᠡ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号