ᠬᠥᠬᠡᠬᠤᠲᠠ ᠶᠢᠨ ᠲᠦᠷᠭᠡᠨ ᠵᠠᠮ ᠤᠨ ᠭᠤᠣᠯ ᠱᠤᠭᠤᠮ ᠤᠨ ᠬᠡᠰᠡᠭ ᠨᠢ ᠲᠤᠰᠠᠯᠠᠬᠤ ᠶᠠᠪᠠᠭᠠᠨ ᠵᠠᠮ ᠵᠢᠴᠢ ᠳᠠᠭᠠᠯᠲᠠ ᠪᠡᠯᠡᠳᠬᠡᠮᠵᠢ ᠶᠢ ᠪᠠᠶᠢᠭᠤᠯᠬᠤ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2015/7/8
     ᠣᠶᠢᠷ᠎ᠠ ᠳᠤ᠂ ᠲᠦᠷᠭᠡᠨ ᠵᠠᠮ ᠤᠨ ᠪᠠᠷᠢᠯᠭ᠎ᠠ ᠶᠢᠨ ᠵᠡᠭᠦᠨ ᠱᠤᠭᠤᠮ ᠤᠨ ᠨᠢᠭᠡᠳᠦᠭᠡᠷ ᠬᠡᠰᠡᠭ ᠭᠤᠣᠯ ᠱᠣᠭᠤᠮ ᠤᠨ ᠮᠠᠰᠢᠨᠳᠤ ᠲᠡᠷᠭᠡᠨ ᠤ ᠵᠠᠮ ᠤᠨ ᠪᠠᠷᠤᠭᠰᠢᠨ ᠢ ᠳᠡᠪᠢᠰᠴᠦ ᠳᠠᠭᠤᠰᠬᠠᠪᠠ᠂ ᠲᠦᠷᠭᠡᠨ ᠵᠠᠮ ᠤᠨ ᠲᠥᠡᠭ ᠳ᠋ᠣᠣ ᠬᠤᠶᠢᠲᠤ ᠵᠠᠮ᠂ ᠬᠤᠶᠢᠲᠤ ᠲᠠᠯ᠎ᠠ ᠶᠢᠨ ᠬᠤᠶᠠᠳᠤᠭᠠᠷ ᠲᠣᠭᠤᠷᠢᠯ ᠵᠠᠮ ᠤᠨ ᠵᠦᠷᠢᠯᠢᠭ ᠵᠠᠮ ᠤᠨ ᠪᠠᠷᠢᠯᠭ᠎ᠠ ᠴᠤ ᠨᠢᠭᠡᠨᠲᠡ ᠲᠡᠷᠭᠡ ᠲᠤᠷᠰᠢᠨ ᠨᠡᠪᠲᠡᠷᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠲᠦᠷᠭᠡᠨ ᠵᠠᠮ ᠤᠨ ᠭᠤᠣᠯ ᠱᠤᠭᠤᠮ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠬᠦ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ ᠬᠥᠬᠡᠬᠤᠲᠠ ᠶᠢᠨ ᠲᠦᠷᠭᠡᠨ ᠵᠠᠮ ᠤᠨ ᠵᠡᠭᠦᠨ ᠱᠤᠭᠤᠮ ᠤᠨ ᠨᠢᠭᠡᠳᠦᠭᠡᠷ ᠬᠡᠰᠡᠭ ᠤᠨ ᠲᠥᠷᠥᠯ ᠵᠦᠢᠯ ᠤᠨ ᠳᠠᠭᠠᠭᠠᠮᠠᠯ ᠡᠦ ᠸᠧᠢ ᠯᠢ ᠲᠠᠨᠢᠯᠴᠠᠭᠤᠯᠬᠤ ᠳᠠᠭᠠᠨ᠂ ᠲᠦᠷᠭᠡᠨ ᠵᠠᠮ ᠤᠨ ᠵᠡᠭᠦᠨ ᠱᠤᠭᠤᠮ ᠤᠨ ᠨᠢᠭᠡᠳᠦᠭᠡᠷ ᠬᠡᠰᠡᠭ ᠢ ᠱᠠᠩᠬᠠᠶ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠪᠠᠶᠢᠭᠤᠯᠵᠤ᠂ ᠬᠤᠶᠢᠲᠣ ᠲᠠᠯ᠎ᠠ ᠨᠢ ᠬᠤᠷᠴᠢᠨ ᠵᠠᠮ ᠪᠣᠯᠤᠨ ᠣᠷᠳᠣᠰ ᠵᠦᠷᠢᠯᠢᠭ ᠵᠠᠮ ᠤᠨ ᠡᠮᠦᠨ᠎ᠡ ᠬᠡᠰᠡᠭ ᠠᠴᠠ ᠡᠬᠢᠯᠡᠨ᠂ ᠡᠮᠦᠨᠡᠰᠢ ᠪᠠᠨ ᠪᠣᠣ ᠴᠢᠦᠸᠠᠨ ᠵᠡᠭᠡᠯᠢ ᠬᠦᠷᠴᠦ᠂ ᠪᠦᠬᠦ ᠣᠷᠳᠣ ᠨᠢ 2.2 ᠺᠢᠯᠣᠮᠧᠲᠷ᠂ ᠵᠠᠷᠤᠳᠠᠯ ᠨᠢ 6 ᠳ᠋ᠦᠩᠰᠢᠭᠤᠷ ᠲᠥᠭᠦᠷᠢᠭ ᠣᠷᠴᠢᠮ ᠪᠠᠶᠢᠵᠤ᠂ ᠪᠦᠬᠦ ᠱᠤᠭᠤᠮ ᠨᠢ ᠳᠠᠮ ᠬᠥᠭᠦᠷᠭᠡ ᠶᠢᠨ ᠬᠡᠯᠪᠡᠷᠢ ᠶᠢ ᠠᠰᠢᠭᠯᠠᠵᠠᠢ ᠭᠡᠪᠡ᠃ ᠲᠤᠰ ᠲᠥᠷᠥᠯ ᠵᠦᠢᠯ ᠤᠨ ᠬᠥᠭᠦᠷᠭᠡ ᠳᠡᠭᠡᠷᠡᠬᠢ ᠭᠤᠣᠯ ᠴᠣᠭᠴᠠ ᠶᠢᠨ ᠪᠠᠷᠢᠯᠭ᠎ᠠ ᠶᠢ 4 ᠳ᠋ᠤᠭᠡᠷ ᠰᠠᠷ᠎ᠠ ᠶᠢᠨ 26᠎ ᠤ ᠡᠳᠦᠷ ᠨᠢᠭᠡᠨᠲᠡ ᠪᠡᠶᠡᠯᠡᠭᠦᠯᠵᠦ᠂ 4 ᠳ᠋ᠤᠭᠡᠷ ᠰᠠᠷ᠎ᠠ ᠶᠢᠨ 28᠎ ᠤ ᠡᠳᠦᠷ ᠠᠩᠬ᠎ᠠ ᠤᠳᠠᠭ᠎ᠠ ᠪᠠᠷᠤᠭᠰᠢᠨ ᠳᠡᠪᠢᠰᠬᠦ ᠠᠵᠢᠯ ᠢ ᠡᠬᠢᠯᠡᠭᠦᠯᠵᠡᠢ᠃ ᠨᠢᠭᠡᠳᠦᠭᠡᠷ ᠬᠡᠰᠡᠭ ᠲᠤ 32 ᠬᠡᠰᠡᠭ ᠰᠤᠨᠵᠤ ᠠᠪᠴᠢᠬᠤ ᠪᠠᠭᠠᠵᠢ ᠲᠠᠢ᠂ ᠰᠤᠨᠵᠤ ᠠᠪᠴᠢᠬᠤ ᠪᠠᠭᠠᠵᠢ ᠶᠢ ᠤᠭᠰᠠᠷᠠᠬᠤ ᠠᠵᠢᠯ ᠢ ᠪᠡᠶᠡᠯᠡᠭᠦᠯᠬᠦ ᠳᠤ 10 ᠡᠳᠦᠷ ᠬᠡᠷᠡᠭᠰᠡᠵᠡᠢ᠃ ᠣᠳᠣᠬᠠᠨ ᠳᠤ᠂ ᠲᠤᠰ ᠬᠡᠰᠡᠭ ᠤᠨ ᠳᠠᠮ ᠬᠥᠭᠦᠷᠭᠡ ᠶᠢᠨ ᠰᠤᠨᠵᠤ ᠠᠪᠴᠢᠬᠤ ᠪᠠᠭᠠᠵᠢ ᠶᠢ ᠤᠭᠰᠠᠷᠠᠬᠤ ᠵᠢᠴᠢ ᠪᠠᠷᠤᠭᠰᠢᠨ ᠳᠡᠪᠢᠰᠬᠦ ᠠᠵᠢᠯ ᠢ ᠪᠦᠬᠦᠨ ᠢ ᠳᠠᠭᠤᠰᠬᠠᠵᠤ᠂ ᠭᠠᠵᠠᠷ ᠳᠡᠭᠡᠷᠡᠬᠢ ᠮᠠᠰᠢᠨᠳᠤ ᠲᠡᠷᠭᠡᠨ ᠤ ᠵᠠᠮ ᠤᠨ ᠪᠠᠷᠤᠭᠰᠢᠨ ᠳᠡᠪᠢᠰᠬᠦ ᠠᠵᠢᠯ ᠢ ᠴᠤ ᠴᠦᠮ ᠪᠡᠶᠡᠯᠡᠭᠦᠯᠵᠦ᠂ ᠵᠠᠯᠭᠠᠭᠠᠳ ᠲᠤᠰᠠᠯᠠᠬᠤ ᠵᠠᠮ᠂ ᠶᠠᠪᠠᠭᠠᠨ ᠵᠠᠮ ᠪᠣᠯᠣᠨ ᠲᠦᠷᠭᠡᠨ ᠵᠠᠮ ᠤᠨ ᠪᠠᠷᠢᠯᠭ᠎ᠠ ᠶᠢᠨ ᠳᠠᠭᠠᠯᠲᠠ ᠪᠡᠯᠡᠳᠬᠡᠮᠵᠢ ᠶᠢ ᠪᠠᠶᠢᠭᠤᠯᠬᠤ ᠪᠠᠷ ᠪᠠᠶᠢᠨ᠎ᠠ᠃ ᠵᠢᠱᠢᠯᠲᠡ ᠪᠠᠷ 7 ᠳ᠋ᠤᠭᠠᠷ ᠰᠠᠷ᠎ᠠ ᠶᠢᠨ 20᠎ ᠤ ᠡᠳᠦᠷ ᠭᠠᠵᠠᠷ ᠳᠡᠭᠡᠷᠡᠬᠢ ᠵᠠᠮ ᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠬᠤᠷᠴᠢᠨ ᠵᠠᠮ ᠪᠣᠯᠤᠨ ᠬᠥᠬᠡᠬᠤᠲᠠ ᠠᠴᠠ ᠱᠠ ᠬᠣ᠋ ᠺᠸᠣ ᠬᠦᠷᠬᠦ ᠵᠠᠰᠠᠮᠠᠯ ᠵᠠᠮ ᠬᠠᠷᠢᠯᠴᠠᠨ ᠵᠣᠯᠭᠠᠯᠳᠤᠬᠤ ᠪᠣᠯᠣᠨ᠎ᠠ᠃ ᠲᠥᠡᠭ ᠳ᠋ᠣᠣ ᠬᠤᠶᠢᠲᠤ ᠵᠠᠮ᠂ ᠬᠤᠶᠢᠲᠤ ᠲᠠᠯ᠎ᠠ ᠶᠢᠨ ᠬᠤᠶᠠᠳᠤᠭᠠᠷ ᠲᠣᠭᠤᠷᠢᠯ ᠵᠠᠮ ᠤᠨ ᠵᠦᠷᠢᠯᠢᠭ ᠵᠠᠮ ᠤᠨ ᠰᠢᠨ᠎ᠡ ᠪᠠᠷ ᠪᠠᠶᠢᠭᠤᠯᠬᠤ ᠪᠠᠷᠢᠯᠭ᠎ᠠ ᠪᠣᠯ ᠬᠥᠬᠡᠬᠤᠲᠠ ᠶᠢᠨ ᠲᠥᠷᠭᠡᠨ ᠵᠠᠮ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠤᠣᠯᠳᠠᠯᠭ᠎ᠠ ᠲᠠᠢ ᠪᠠᠷᠢᠯᠭ᠎ᠠ ᠶᠢᠨ ᠨᠢᠭᠡ ᠨᠢ ᠪᠣᠯᠣᠨ᠎ᠠ᠂ ᠲᠥᠡᠭ ᠳ᠋ᠣᠣ ᠬᠤᠶᠢᠲᠤ ᠵᠠᠮ᠂ ᠬᠤᠶᠢᠲᠤ ᠲᠠᠯ᠎ᠠ ᠶᠢᠨ ᠬᠤᠶᠠᠳᠤᠭᠠᠷ ᠲᠣᠭᠤᠷᠢᠯ ᠵᠠᠮ ᠤᠨ ᠵᠦᠷᠢᠯᠢᠭ ᠵᠠᠮ ᠤᠨ ᠪᠠᠷᠢᠯᠭ᠎ᠠ ᠶᠢ 2013 ᠣᠨ ᠤ 5 ᠳ᠋ᠤᠭᠠᠷ ᠰᠠᠷ᠎ᠠ ᠶᠢᠨ 25᠎ ᠤ ᠡᠳᠦᠷ ᠡᠬᠢᠯᠡᠭᠦᠯᠵᠦ᠂ ᠣᠶᠢᠷ᠎ᠠ ᠳᠤ ᠨᠢᠭᠡᠨᠲᠡ ᠪᠦᠬᠦ ᠲᠠᠯ᠎ᠠ ᠪᠠᠷ ᠲᠡᠷᠭᠡ ᠲᠤᠷᠰᠢᠨ ᠨᠡᠪᠲᠡᠷᠡᠭᠦᠯᠪᠡ ᠃ ᠡᠨᠡ ᠨᠢ ᠲᠦᠷᠭᠡᠨ ᠵᠠᠮ ᠤᠨ ᠠᠩᠬᠠᠳᠤᠭᠠᠷ ᠵᠦᠷᠢᠯᠢᠭ ᠬᠥᠭᠦᠷᠭᠡ ᠨᠢ ᠲᠡᠷᠭᠡ ᠲᠤᠷᠰᠢᠨ ᠨᠡᠪᠲᠡᠷᠡᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠵᠠᠯᠭᠠᠭᠠᠳ ᠲᠤᠰ ᠪᠠᠷᠢᠯᠭ᠎ᠠ ᠨᠢ ᠦᠷᠭᠦᠯᠵᠢᠯᠡᠨ ᠲᠤᠰᠠᠯᠠᠬᠤ ᠵᠠᠮ᠂ ᠶᠠᠪᠠᠭᠠᠨ ᠵᠠᠮ ᠵᠢᠴᠢ ᠳᠠᠭᠠᠯᠲᠠ ᠪᠡᠯᠡᠳᠬᠡᠮᠵᠢ ᠶᠢ ᠥᠷᠭᠦᠯᠵᠢᠯᠡᠨ ᠶᠠᠪᠤᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号