ᠲᠦᠩᠯᠢᠶᠣᠤ ᠬᠤᠲᠠ ᠮᠢᠩᠭᠠᠨ ᠭᠠᠵᠠᠷ ᠤᠨ ᠲᠠᠯ᠎ᠠ ᠨᠤᠲᠤᠭ ᠤᠨ ᠰᠣᠶᠣᠯ ᠤᠨ ᠦᠵᠡᠮᠵᠢᠲᠦ ᠣᠷᠳᠣ ᠬᠤᠩᠬᠢᠯ ᠣᠷᠣᠨ ᠢ ᠴᠣᠭᠴᠠᠯᠠᠬᠤ ᠪᠠᠷ ᠪᠣᠢ
ᠨᠡᠶᠢᠲᠡᠯᠡᠭᠰᠡᠨ ᠴᠠᠭ᠄
2015/7/8
     ᠲᠦᠩᠯᠢᠶᠣᠤ ᠬᠤᠲᠠ ᠥᠪᠡᠷ ᠤᠨ ᠭᠠᠵᠠᠷ ᠵᠦᠶ ᠶᠢᠨ ᠳᠠᠪᠠᠭᠤᠯᠢᠭ ᠢᠶᠠᠨ ᠠᠰᠢᠭᠯᠠᠨ᠂ ᠮᠢᠩᠭᠠᠨ ᠭᠠᠵᠠᠷ ᠤᠨ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠵᠤᠭᠠᠴᠠᠯ ᠤᠨ ᠦᠵᠡᠮᠵᠢᠲᠦ ᠤᠷᠲᠤ ᠬᠤᠩᠭᠢᠯ ᠣᠷᠣᠨ ᠢ ᠴᠣᠭᠴᠠᠯᠠᠬᠤ ᠪᠠᠷ ᠲᠥᠯᠥᠪᠯᠡᠵᠦ ᠪᠤᠢ᠃ ᠲᠦᠩᠯᠢᠶᠣᠤ ᠬᠤᠲᠠ ᠶᠢᠨ ᠬᠡᠪᠴᠢᠶᠡᠨ ᠲᠤᠲᠤᠷ᠎ᠠ ᠤᠯᠤᠰ ᠤᠨ ᠵᠠᠮ 500 ᠺᠢᠯᠣᠮᠧᠲᠷ ᠪᠠᠶᠢᠵᠤ᠂ ᠵᠠᠮ ᠤᠨ ᠬᠠᠵᠠᠭᠤ ᠪᠠᠷ ᠲᠦᠩᠯᠢᠶᠣᠤ ᠬᠤᠲᠠ ᠶᠢᠨ ᠣᠬᠢ ᠰᠣᠳᠣᠨ ᠵᠢᠭᠤᠯᠴᠢᠯᠠᠯ ᠤᠨ ᠡᠬᠢ ᠪᠠᠶᠠᠯᠢᠭ ᠤᠨ 80% ᠲᠥᠪᠯᠡᠷᠡᠵᠦ᠂ ᠦᠵᠡᠮᠵᠢᠲᠦ ᠣᠷᠣᠨ ᠦᠵᠡᠮᠵᠢ ᠶᠢᠨ ᠴᠢᠭ᠋  78 ᠭᠠᠵᠠᠷ ᠪᠠᠶᠢᠨ᠎ᠠ᠃ ᠡᠭᠦᠨ ᠳᠤ ᠪᠠᠶᠢᠭᠠᠯᠢ ᠶᠢᠨ ᠦᠵᠡᠮᠵᠢ ᠶᠢᠨ ᠭᠠᠵᠠᠷ 27᠂  ᠲᠡᠦᠬᠡ ᠰᠣᠶᠣᠯ ᠤᠨ ᠦᠵᠡᠮᠵᠢ ᠶᠢᠨ ᠭᠠᠵᠠᠷ17᠂ ᠬᠤᠲᠠ ᠶᠢᠨ ᠦᠵᠡᠮᠵᠢ ᠶᠢᠨ ᠭᠠᠵᠠᠷ 8᠂ ᠲᠠᠷᠢᠶᠠᠴᠢᠨ ᠡᠷᠦᠬᠡ ᠶᠢᠨ ᠰᠡᠯᠡᠭᠦᠴᠡᠯ ᠵᠤᠭᠠᠴᠠᠯ ᠤᠨ ᠴᠢᠭ᠋13 ᠪᠠᠶᠢᠳᠠᠭ᠃ ᠲᠦᠩᠯᠢᠶᠣᠤ ᠬᠤᠲᠠ ᠶᠢᠨ ᠵᠠᠰᠠᠭ ᠤᠨ ᠣᠷᠳᠣᠨ 304 ᠤᠯᠤᠰ ᠤᠨ ᠵᠠᠮ ᠢᠶᠠᠷ ᠲᠥᠪ ᠪᠣᠯᠭᠠᠨ᠂ 500 ᠺᠢᠯᠣᠮᠧᠲᠷ ᠤᠨ ᠬᠤᠷᠴᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠢ ᠪᠠᠶᠢᠭᠤᠯᠤᠨ ᠴᠣᠭᠴᠠᠯᠠᠵᠤ᠂ ᠵᠠᠰᠠᠮᠠᠯ ᠵᠠᠮ ᠤᠨ ᠡᠷᠭᠢᠨ ᠲᠣᠭᠤᠷᠢᠨ ᠳᠤ ᠲᠠᠷᠠᠬᠠᠢ ᠪᠤᠲᠠᠷᠬᠠᠢ ᠪᠠᠶᠢᠭ᠎ᠠ ᠦᠵᠡᠮᠵᠢᠲᠦ ᠣᠷᠣᠨ ᠢ ᠬᠤᠯᠪᠤᠵᠤ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠳᠤ ᠨᠢᠭᠡᠨ ᠵᠤᠷᠪᠤᠰ ᠥᠩᠭᠡ ᠮᠢᠷᠠᠯᠵᠠᠨ ᠬᠠᠷᠠᠴᠠ ᠪᠤᠯᠢᠶᠠᠭᠰᠠᠨ ᠵᠢᠭᠤᠯᠴᠢᠯᠠᠯ᠂ ᠰᠣᠶᠣᠯ ᠤᠨ ᠤᠷᠲᠤ ᠬᠤᠩᠭᠢᠯ ᠣᠷᠣᠨ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号