ᠳᠡᠭᠡᠳᠦ ᠬᠠᠭᠠᠰ ᠵᠢᠯ ᠳᠤ ᠬᠥᠯᠥᠨ ᠪᠤᠶᠢᠷ ᠬᠤᠲᠠ ᠶᠢᠨ ᠮᠠᠯ ᠠᠵᠤ ᠠᠬᠤᠶ ᠶᠢᠨ ᠬᠥᠭᠵᠢᠯᠲᠡ ᠬᠥᠮᠥᠰ ᠢ  ᠪᠠᠶᠠᠰᠬᠠᠵᠤ ᠪᠠᠶᠢᠨ᠎ᠠ
ᠨᠡᠶᠢᠲᠡᠯᠡᠭᠰᠡᠨ ᠴᠠᠭ᠄
2015/7/9
     2015 ᠣᠨ ᠳᠤ᠂ ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠥᠯ ᠲᠤᠰᠴᠤ ᠪᠤᠶᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠲᠡ ᠬᠦᠳᠡᠯᠦᠯᠴᠡᠨ᠂ ᠡᠷᠲᠡ ᠲᠥᠯᠥᠪᠯᠡᠵᠦ᠂ ᠡᠷᠲᠡᠬᠡᠨ  ᠪᠠᠶᠢᠷᠢᠯᠠᠭᠤᠯᠬᠤ ᠠᠵᠢᠯ ᠤᠨ ᠰᠡᠳᠬᠢᠮᠵᠢ ᠪᠠᠷ᠂ ᠨᠢᠳᠤᠨᠤᠨ ᠡᠪᠦᠯ ᠡᠨᠡ ᠬᠠᠪᠤᠷ ᠲᠤ ᠭᠠᠷᠴᠤ ᠮᠡᠳᠡᠬᠦ ᠪᠤᠳᠤᠯᠢᠶᠠᠨᠲᠠᠶ ᠭᠠᠮᠰᠢᠭᠲᠤ ᠠᠭᠤᠷ ᠠᠮᠢᠰᠬᠤᠯ ᠳᠤ ᠴᠢᠭᠯᠡᠭᠦᠯᠦᠨ᠂ ᠮᠠᠯᠴᠢᠳ ᠢ ᠢᠳᠡᠪᠬᠢᠲᠡᠢ ᠵᠣᠬᠢᠶᠠᠨ ᠪᠠᠶᠢᠭᠤᠯᠤᠨ ᠡᠪᠡᠰᠦ ᠪᠣᠷᠳᠤᠭ᠎ᠠ ᠬᠠᠳᠤᠵᠤ ᠤᠷᠤᠭᠤᠯᠵᠤ᠂ ᠬᠠᠰᠢᠶ᠎ᠠ ᠰᠠᠷᠠᠪᠴᠢ ᠶᠢ ᠰᠡᠯᠪᠢᠵᠦ ᠪᠠᠬᠢᠯᠡᠨ᠂ ᠲᠤᠰᠬᠠᠶ ᠮᠡᠷᠭᠡᠵᠢᠯ ᠤᠨ ᠠᠵᠢᠯᠲᠠᠳ ᠢ ᠲᠣᠮᠢᠯᠠᠨ ᠮᠠᠯᠴᠢᠳ ᠤᠨ ᠠᠷᠠᠴᠢᠯᠠᠭ᠎ᠠ ᠮᠠᠯᠵᠢᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠵᠢᠭᠠᠨ ᠵᠢᠯᠣᠭᠤᠳᠪᠠ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠡᠯ᠎ᠡ ᠵᠦᠢᠯ ᠤᠨ ᠬᠠᠰᠢᠶ᠎ᠠ ᠰᠠᠷᠠᠪᠴᠢ ᠨᠢ 19355᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠨᠢ 80᠂ ᠡᠪᠡᠰᠦ ᠪᠤᠷᠳᠤᠭ᠎ᠠ ᠨᠥᠭᠡᠴᠡᠯᠡᠬᠦ ᠴᠢᠳᠠᠪᠤᠷᠢ ᠨᠢ 8 ᠲᠦᠮᠡᠨ ᠲᠣᠨ ᠳᠤ ᠬᠦᠷᠴᠠᠢ᠃ ᠲᠠᠷᠢᠶᠠᠯᠠᠬᠤ ᠣᠷᠣᠨ ᠤ ᠮᠠᠯ ᠠᠵᠤ ᠠᠬᠤᠶ ᠦᠳᠲᠡᠷ ᠲᠦᠷᠭᠡᠨ ᠬᠥᠭᠵᠢᠵᠦ᠂ ᠲᠠᠷᠢᠶᠠᠯᠠᠬᠤ ᠣᠷᠣᠨ ᠤ ᠡᠯ᠎ᠡ ᠭᠠᠵᠠᠷ ᠲᠤ ᠨᠢᠭᠡᠨᠲᠡ 30 ᠬᠡᠰᠡᠭ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠲᠤᠭ᠎ᠠ ᠨᠢ 2455 ᠲᠦᠮᠡᠨ ᠲᠥᠭᠦᠷᠢᠭ ᠲᠤ ᠬᠦᠷᠪᠡ᠃ ᠡᠭᠦᠨ ᠳᠤ ᠰᠢᠤᠳᠠᠨ ᠤ ᠬᠠᠳᠠᠭᠠᠯᠠᠮᠵᠢ ᠶᠢᠨ ᠪᠠᠩᠬᠢ15 ᠬᠡᠰᠡᠭ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠲᠤᠭ᠎ᠠ ᠨᠢ 955 ᠲᠦᠮᠡᠨ ᠲᠥᠭᠦᠷᠢᠭ︔ ᠢᠲᠡᠭᠡᠮᠵᠢ ᠶᠢᠨ ᠬᠤᠯᠪᠣᠭᠠᠲᠤ ᠬᠤᠷᠰᠢᠶ᠎ᠠ15 ᠬᠡᠰᠡᠭ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠲᠤᠭ᠎ᠠ ᠨᠢ 1500 ᠲᠦᠮᠡᠨ ᠲᠥᠭᠦᠷᠢᠭ ᠳᠤ ᠬᠦᠷᠪᠡ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠦᠭᠰᠡᠨ ᠪᠠ ᠲᠠᠷᠢᠶᠠᠯᠠᠬᠤ ᠣᠷᠣᠨ ᠤ ᠮᠠᠯ ᠠᠵᠤ ᠠᠬᠤᠶ ᠲᠦᠷᠭᠡᠨ ᠬᠥᠭᠵᠢᠭᠰᠡᠨ ᠨᠢ ᠪᠦᠬᠦ ᠬᠤᠲᠠ ᠶᠢᠨ ᠲᠥᠯ ᠲᠣᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠵᠢᠯ ᠪᠦᠬᠦ ᠬᠤᠲᠠ ᠶᠢᠨ ᠡᠯ᠎ᠡ ᠭᠠᠵᠠᠷ ᠤᠨ ᠬᠢᠨ ᠤ ᠪᠤᠲᠠ ᠪᠤᠭ ᠮᠠᠯ ᠨᠡᠶᠢᠲᠡ 801 ᠲᠦᠮᠨ ᠲᠦᠯᠯᠡᠵᠦ᠂ ᠡᠭᠦᠨ ᠳᠤ ᠪᠣᠳᠠ ᠮᠠᠯ 62 ᠲᠦᠮᠨ᠂ ᠪᠣᠭ ᠮᠠᠯ 739 ᠲᠦᠮᠨ ᠪᠠᠶᠢᠵᠤ᠂ ᠣᠨᠳᠣᠷᠣᠯᠲᠠ ᠶᠢᠨ ᠨᠣᠷᠮ᠎ᠠ ᠨᠢ ᠴᠦᠮ 98.2%᠎ ᠠᠴᠠ ᠳᠡᠭᠡᠭᠰᠢ ᠳᠤ ᠬᠦᠷᠴᠠᠢ᠃ ᠲᠠᠷᠢᠶᠠᠯᠠᠬᠤ ᠣᠷᠣᠨ ᠤ ᠪᠤᠲᠠ ᠪᠤᠭ ᠮᠠᠯ 560.4 ᠲᠦᠮᠨ ᠲᠦᠯᠯᠡᠵᠦ᠂ ᠡᠭᠦᠨ ᠳᠤ ᠪᠣᠳᠠ ᠮᠠᠯ 40.7 ᠲᠦᠮᠨ᠂ ᠪᠤᠭ ᠮᠠᠯ 519.7 ᠲᠦᠮᠨ ᠪᠠᠶᠢᠵᠤ᠂ ᠣᠨᠳᠣᠷᠣᠯᠲᠠ ᠶᠢᠨ ᠨᠣᠷᠮ᠎ᠠ ᠨᠢ 97.8%᠎ ᠠᠴᠠ ᠳᠡᠭᠡᠭᠰᠢ ᠳᠤ ᠬᠦᠷᠴᠠᠢ᠃ ᠮᠠᠯᠵᠢᠬᠤ ᠣᠷᠣᠨ ᠤ ᠪᠤᠲᠠ ᠪᠤᠭ ᠮᠠᠯ 240.6 ᠲᠦᠮᠨ ᠲᠦᠯᠯᠡᠵᠦ᠂ ᠡᠭᠦᠨ ᠳᠤ ᠪᠣᠳᠠ ᠮᠠᠯ 21.3 ᠲᠦᠮᠨ᠂ ᠪᠤᠭ ᠮᠠᠯ 219.3 ᠲᠦᠮᠨ ᠪᠠᠶᠢᠵᠤ᠂ ᠣᠨᠳᠣᠷᠣᠯᠲᠠ ᠶᠢᠨ ᠨᠣᠷᠮ᠎ᠠ ᠨᠢ 99%᠎ ᠠᠴᠠ ᠳᠡᠭᠡᠭᠰᠢ ᠳᠤ ᠬᠦᠷᠴᠠᠢ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠲᠠ ᠶᠢᠨ ᠮᠠᠯ ᠰᠦᠷᠦᠭ 2081.5 ᠲᠦᠮᠨ ᠳᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.7%᠎ ᠪᠠᠷ ᠦᠰᠴᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ︵ᠮᠠᠯ ᠠᠵᠤ ᠠᠬᠤᠶ ᠶᠢᠨ ᠣᠨ ᠤ ᠮᠠᠯ ᠰᠦᠷᠦᠭ ᠢ 2053 ᠲᠦᠮᠨ ᠳᠤ ᠬᠦᠷᠦᠬᠦᠯᠬᠦ︶᠎ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ ᠃ ᠡᠭᠦᠨ ᠳᠤ ᠪᠣᠳᠠ ᠮᠠᠯ 202.8 ᠲᠦᠮᠨ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠦᠰᠪᠡ︔ ᠪᠤᠭ ᠮᠠᠯ 1700.5 ᠲᠦᠮᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.5%᠎ ᠪᠠᠷ ᠦᠰᠪᠡ︔ ᠭᠠᠭ᠋ᠠᠶ 178.2 ᠲᠦᠮᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.2%᠎ ᠪᠠᠷ ᠦᠰᠪᠡ᠃ ᠳᠡᠭᠡᠳᠦ ᠬᠠᠭᠠᠰ ᠵᠢᠯ ᠳᠤ ᠪᠦᠬᠦ ᠬᠤᠲᠠ ᠶᠢᠨ ᠮᠢᠬᠠᠨ ᠤ ᠶᠡᠷᠦᠩᠬᠡᠶ ᠭᠠᠷᠤᠯᠲᠠ ᠨᠢ 9.96 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9%  ᠨᠡᠮᠡᠭᠳᠡᠪᠡ︔ ᠥᠨᠳᠡᠭᠡ ᠶᠢᠨ ᠭᠠᠷᠤᠯᠲᠠ 1.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠲᠡᠩᠴᠡᠪᠡ︔ ᠦᠨᠢᠶᠡᠨ ᠰᠦ ᠶᠢᠨ ᠭᠠᠷᠤᠯᠲᠠ 53.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 %᠎ ᠪᠠᠷ ᠬᠠᠰᠤᠭᠳᠠᠪᠠ᠃      2015 ᠣᠨ ᠳᠤ ᠬᠥᠯᠥᠨ ᠪᠤᠶᠢᠷ ᠬᠤᠲᠠ ᠪᠠᠷᠢᠮᠵᠢᠶᠠᠵᠢᠭᠤᠯᠤᠭᠰᠠᠨ᠂  ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ  ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠨ ᠠᠬᠢᠭᠤᠯᠵᠤ᠂ ᠰᠦᠨ ᠤ ᠦᠢᠯᠡᠰ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ᠎ᠠ᠃ ᠨᠢᠭᠡ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ 5870 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ︵ᠪᠠᠭ᠎ᠠ ᠲᠣᠭᠤᠷᠢᠭ︶᠎ 112᠎ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠥᠷᠭᠡᠳᠬᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢᠨ ᠶᠣᠰᠣᠭᠠᠷ᠂ 2015 ᠣᠨ ᠳᠤ ᠡᠯ᠎ᠡ ᠬᠤᠰᠢᠭᠤ ᠬᠤᠲᠠ ᠲᠣᠭᠤᠷᠢᠭ  ᠡᠯ᠎ᠡ ᠵᠦᠢᠯ ᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ 100᠎ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠨ᠂ ᠣᠳᠣᠬᠠᠨ ᠳᠤ ᠡᠯ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ ᠪᠠᠶᠢᠨ᠎ᠠ᠃ ᠬᠤᠶᠠᠷ ᠳᠤ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠬᠥᠯᠥᠨ ᠪᠤᠶᠢᠷ ᠬᠤᠲᠠ ᠳᠤ ᠰᠢᠯᠢᠳᠡᠭ ᠡᠭᠦᠯᠳᠡᠷ ᠤᠨ ᠨᠥᠬᠦᠪᠥᠷᠢ ᠶᠢᠨ ᠡᠭᠦᠯᠳᠡᠷ ᠤᠨ ᠬᠤᠨᠢᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ12 ᠲᠥᠷᠥᠯ ᠵᠦᠢᠯ ᠢ ᠴᠣᠬᠤᠯᠠᠪᠤᠷᠢᠯᠠᠨ ᠦᠭᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠬᠤᠨᠢᠨ ᠤ ᠰᠢᠯᠢᠳᠡᠭ ᠡᠭᠦᠯᠳᠡᠷ ᠢ ᠬᠥᠭᠵᠢᠭᠦᠯᠬᠦ ᠲᠥᠯᠥᠪᠵᠢᠭᠦᠯᠭᠡ︾ ᠪᠠ ︽ᠥᠪᠥᠷ ᠮᠣᠩᠭᠤᠯ ᠤᠨ ᠢᠳᠡᠰᠢᠨ ᠬᠤᠨᠢᠨ ᠤ ᠰᠢᠯᠢᠳᠡᠭ ᠡᠭᠦᠯᠳᠡᠷ ᠢ  ᠬᠦᠭᠵᠢᠭᠦᠯᠬᠦ ᠶᠢ ᠬᠡᠷᠡᠭᠵᠢᠭᠦᠯᠬᠦ ᠲᠥᠰᠦᠯ︾᠎ ᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠭᠠᠳᠠᠭᠠᠳᠤ ᠠᠴᠠ   ᠡᠭᠦᠯᠳᠡᠷ ᠤᠨ ᠬᠤᠨᠢ ᠣᠷᠣᠭᠤᠯᠬᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠭᠠᠳᠠᠭᠠᠳᠤ ᠠᠴᠠ 330 ᠰᠢᠯᠢᠳᠡᠭ ᠡᠭᠦᠯᠳᠡᠷ ᠤᠨ ᠬᠤᠨᠢ  ᠣᠷᠣᠭᠤᠯᠪᠠ᠃ ᠭᠤᠷᠪᠠ ᠳᠤ ᠰᠠᠭᠠᠯᠢ ᠶᠢᠨ ᠦᠨᠢᠶᠡᠨ ᠤ  ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ︵ᠪᠠᠭ᠎ᠠ ᠲᠣᠭᠤᠷᠢᠭ︶᠎ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠤᠯᠬᠤ ᠪᠠᠷ ᠢᠳᠡᠪᠬᠢᠲᠡᠶ ᠴᠢᠷᠮᠠᠶᠢᠵᠤ᠂ 300᠎ ᠠᠴᠠ ᠳᠡᠭᠡᠭᠰᠢ ᠰᠠᠭᠠᠯᠢ ᠶᠢᠨ ᠦᠨᠢᠶᠡᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠎ ᠢ ᠨᠡᠶᠢᠲᠡ 6᠎ ᠶᠢ ᠮᠡᠳᠡᠭᠦᠯᠵᠦ᠂ ᠲᠥᠪ ᠤᠨ ᠲᠥᠰᠦᠪ ᠤᠨ ᠲᠤᠲᠤᠷᠠᠬᠢ ᠪᠡᠯᠡ ᠮᠥᠩᠭᠦᠨ ᠤ ᠣᠷᠣᠭᠤᠯᠤᠯᠲᠠ ᠠᠴᠠ 6450 ᠲᠦᠮᠡᠨ ᠲᠥᠭᠦᠷᠢᠭ ᠣᠯᠬᠤ ᠪᠠᠷ ᠵᠢᠱᠢᠵᠦ ᠪᠠᠶᠢᠨ᠎ᠠ ᠃ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 15᠎ ᠶᠢ ᠣᠯᠵᠤ᠂ ᠴᠠᠷᠭᠠᠰᠤ ᠲᠠᠷᠢᠬᠤ ᠡᠭᠦᠷᠭᠡ ᠶᠢ 4.5 ᠲᠦᠮᠡᠨ ᠮᠥ ᠳᠤ ᠬᠦᠷᠦᠭᠦᠯᠵᠦ᠂  ᠲᠥᠷᠥᠯ ᠵᠦᠢᠯ ᠤᠨ ᠪᠡᠯᠡ ᠮᠥᠩᠭᠦ ᠶᠢ  2700 ᠲᠦᠮᠡᠨ ᠲᠦᠬᠦᠷᠢᠭ ᠲᠤ ᠬᠦᠷᠦᠭᠦᠯᠦᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号