ᠬᠥᠯᠥᠨ ᠪᠤᠶᠢᠷ ᠬᠤᠲᠠ ᠶᠢᠨ ᠳᠡᠭᠡᠷ᠎ᠡ ᠬᠠᠭᠠᠰ ᠵᠢᠯ ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ 21 ᠲᠦᠮᠡᠨ ᠬᠥᠮᠦᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2015/7/9
      6 ᠳ᠋ᠤᠭᠠᠷ ᠰᠠᠷ᠎ᠠ ᠶᠢᠨ 20᠎ ᠤ ᠡᠳᠦᠷ ᠪᠤᠯᠲᠠᠯ᠎ᠠ᠂ ᠡᠨᠡ ᠵᠢᠯ ᠤᠨ ᠬᠥᠯᠥᠨ ᠪᠤᠶᠢᠷ ᠬᠤᠲᠠ ᠶᠢᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢᠨ ᠵᠠᠷᠤᠯᠭ᠎ᠠ 1. 45 ᠳ᠋ᠦ᠋ᠩᠰᠢᠭᠤᠷ ᠲᠥᠭᠦᠷᠢᠭ ᠪᠠᠶᠢᠵᠤ᠂ ᠡᠭᠦᠨ ᠳᠤ ᠡᠮᠨᠡᠯᠭᠡ ᠳᠤ ᠰᠠᠭᠤᠭᠰᠠᠨ ᠤ ᠨᠥᠬᠦᠪᠥᠷᠢ ᠶᠢᠨ ᠵᠠᠷᠤᠯᠭ᠎ᠠ 1.17 ᠳ᠋ᠦᠩᠰᠢᠭᠤᠷ ᠲᠥᠭᠦᠷᠢᠭ᠂ ᠡᠮᠨᠡᠯᠭᠡ ᠳᠤ ᠰᠠᠭᠤᠭᠰᠠᠨ ᠤ ᠪᠣᠳᠠᠲᠠᠶ ᠨᠥᠬᠦᠪᠥᠷᠢᠯᠡᠬᠦ ᠬᠠᠷᠢᠴᠠᠯ 54%᠎ ᠠᠴᠠ ᠳᠡᠭᠡᠭᠰᠢ ᠪᠠᠶᠢᠵᠤ᠂ ᠡᠭᠦᠳᠡᠨ ᠡᠮᠨᠡᠯᠭᠡ ᠶᠢᠨ ᠨᠥᠬᠦᠪᠥᠷᠢ ᠶᠢᠨ ᠵᠠᠷᠤᠯᠭ᠎ᠠ 2800 ᠲᠦᠮᠡᠨ ᠲᠥᠭᠦᠷᠢᠭ ᠪᠤᠯᠬᠤ ᠪᠦᠭᠡᠳ ᠪᠦᠬᠦ ᠬᠤᠲᠠ ᠶᠢᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠠᠴᠠ ᠨᠥᠬᠦᠪᠥᠷᠢ ᠤᠯᠤᠭᠰᠠᠨ ᠨᠢ 21.4 ᠲᠦᠮᠡᠨ ᠬᠥᠮᠦᠨ ᠤᠳᠠᠭ᠎ᠠ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠨᠢ 470 ᠲᠥᠭᠦᠷᠢᠭ ᠪᠤᠯᠬᠤ ᠪᠦᠭᠡᠳ ᠡᠭᠦᠨ ᠳᠤ᠂ ᠮᠠᠯᠴᠢᠨ ᠲᠠᠷᠢᠶᠠᠴᠢᠨ ᠬᠤᠪᠢ ᠬᠥᠮᠦᠨ 90 ᠲᠥᠭᠦᠷᠢᠭ ᠠᠴᠠ ᠳᠤᠤᠷ᠎ᠠ ᠦᠭᠡᠢ ᠰᠦᠢᠳᠬᠡᠯ ᠲᠤᠰᠢᠶᠠᠬᠤ ᠪᠤᠯᠤᠨ᠎ᠠ᠃ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠨᠦᠬᠦᠪᠦᠷᠢᠯᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠳᠠᠮᠵᠢᠭᠤᠯᠤᠨ᠂ ᠠᠳᠠᠯᠢ ᠪᠤᠰᠤ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠬᠢᠯᠡᠵᠤ ᠥᠭᠬᠦ ᠱᠤᠭᠤᠮ ᠪᠤᠯᠤᠨ ᠨᠥᠬᠦᠪᠥᠷᠢᠯᠡᠬᠦ ᠬᠠᠷᠢᠴᠠᠯ ᠢ ᠨᠢᠭᠡᠨᠲᠡ ᠵᠣᠬᠢᠰᠲᠠᠶ ᠪᠠᠷ ᠰᠠᠯᠪᠤᠷᠢᠯᠠᠭᠤᠯᠵᠤ᠂ ᠠᠵᠤ ᠠᠬᠤᠶ ᠶᠢᠨ ᠬᠥᠰᠢᠭᠦᠷᠭᠡ ᠶᠢ ᠠᠰᠢᠭᠯᠠᠨ ᠡᠪᠡᠳᠴᠢᠲᠡᠨ ᠢ ᠵᠦᠶ ᠵᠣᠬᠢᠰᠲᠠᠶ ᠪᠠᠷ ᠰᠢᠯᠵᠢᠭᠦᠯᠵᠤ᠂ ᠡᠪᠡᠳᠴᠢᠲᠡᠨ ᠢ ᠲᠣᠬᠢᠷᠠᠮᠵᠢᠲᠠᠶ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠶᠢ ᠬᠥᠲᠥᠯᠥᠨ ᠵᠢᠯᠣᠭᠤᠳᠴᠤ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠪᠡᠶᠡᠯᠡᠭᠦᠯᠦᠨ᠂ ᠡᠪᠡᠳᠴᠢᠨ ᠦᠵᠡᠭᠦᠯᠵᠤ ᠡᠮᠨᠡᠭᠦᠯᠬᠦ ᠨᠡᠩ ᠵᠦᠶ ᠵᠣᠬᠢᠰᠲᠠᠶ ᠡᠮᠬᠢ ᠵᠢᠷᠤᠮ ᠢ ᠠᠯᠬᠤᠮ ᠠᠯᠬᠤᠮ ᠢᠶᠠᠷ ᠪᠤᠢ ᠪᠤᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号