ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠨᠠᠮ ᠤᠨ ᠤᠯᠠᠨ ᠲᠦᠮᠡᠨᠴᠢ ᠠᠵᠢᠯ ᠤᠨ ᠬᠤᠷᠠᠯ ᠬᠢᠵᠦ  ᠸᠠᠩ ᠵᠢᠶᠦ᠋ᠨ ᠴᠢᠬᠤᠯᠠ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2015/8/10
     8 ᠳ᠋ᠤᠭᠠᠷ ᠰᠠᠷ᠎ᠠ ᠶᠢᠨ 6 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠬᠤᠷᠠᠯᠳᠤᠭᠤᠯᠵᠦ᠂ ᠲᠦᠪ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ︽ᠨᠠᠮ ᠤᠨ ᠲᠦᠪ ᠬᠤᠷᠢᠶ᠎ᠠ ᠶᠢᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠰᠠᠨᠠᠯ︾ ᠢ ᠬᠦᠨᠵᠡᠭᠡᠢ ᠰᠤᠷᠤᠯᠴᠠᠵᠦ᠂ ᠮᠠᠨ ᠤ ᠤᠷᠤᠨ ᠤ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠳᠤ ᠤᠷᠤᠯᠴᠠᠵᠦ ᠴᠢᠬᠤᠯᠠ ᠶᠠᠷᠢᠶ᠎ᠠ ᠳᠠᠯᠪᠢᠪᠠ᠂ ᠳᠡᠷᠡ ᠴᠢᠬᠤᠯᠠᠴᠢᠯᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ᠂ ᠯᠢᠤ ᠶᠦᠨ ᠱᠠᠨ ᠨᠦᠬᠦᠷ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠦᠭᠡᠷᠡᠴᠢᠯᠡᠯᠳᠡ ᠬᠢᠵᠦ ᠰᠢᠨ᠎ᠠ ᠶᠢ ᠡᠬᠦᠳᠴᠤ᠂ ᠮᠠᠨ ᠤ ᠤᠷᠤᠨ ᠤ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠰᠢᠨ᠎ᠠ  ᠪᠠᠶᠢᠳᠠᠯ ᠢ ᠳᠠᠰᠤᠷᠠᠯᠳᠠ ᠦᠭᠡᠢ ᠨᠡᠭᠡᠭᠡᠬᠦ ᠬᠡᠷᠡᠭᠳᠡᠢ ᠭᠡᠵᠠᠢ᠃        ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠷᠧᠨ ᠶᠠ ᠫᠢᠩ᠂ ᠵᠠᠩ ᠯᠢ᠂ ᠯᠢ ᠫᠧᠩ ᠰᠢᠨ᠂ ᠪᠦ᠋ ᠰᠢᠶᠤᠤ ᠯᠢᠨ᠂ ᠨᠠᠰᠤᠨᠮᠦ᠋ᠩᠬᠡ᠂ ᠳ᠋ᠦ᠋ ᠽᠢ᠂ ᠵᠤᠤ ᠵᠦᠩ᠂ ᠬᠠᠩ ᠬᠦᠢ ᠯᠢᠨ᠂ ᠯᠢ ᠷᠦᠩ ᠰᠢ᠂ ᠳ᠋ᠦᠩ ᠾᠧᠩ ᠢᠤᠢ᠂ ᠨᠢᠤ ᠭᠤᠸᠠᠩ ᠮᠢᠩ᠂ ᠶᠠᠩ ᠴᠧᠩ ᠸᠠᠩ᠂ ᠯᠢᠶᠠᠩ ᠲᠢᠶᠧ ᠴᠧᠩ᠂ ᠮᠠ ᠶᠦᠩ ᠱᠧᠩ ᠨᠠᠷ ᠬᠤᠷᠠᠯ ᠳᠤ ᠤᠷᠤᠯᠴᠠᠪᠠ᠃ ᠯᠢ ᠫᠧᠩ ᠰᠢᠨ ᠬᠤᠷᠠᠯ ᠡᠷᠬᠢᠯᠡᠭᠰᠡᠨ ᠤ ᠬᠠᠮᠳᠤ ᠳ᠋ᠦᠩᠨᠡᠯᠳᠡ ᠶᠢᠨ ᠶᠠᠷᠢᠶ᠎ᠠ ᠳᠠᠯᠪᠢᠪᠠ᠃        ᠸᠠᠩ ᠵᠢᠶᠦ᠋ᠨ ᠵᠢᠭᠠᠵᠦ ᠭᠠᠷᠭᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠲᠦᠪ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠳᠡᠭᠡᠷ᠎ᠠ ᠳᠠᠯᠪᠢᠭᠰᠠᠨ ᠴᠢᠬᠤᠯᠠ ᠶᠠᠷᠢᠶ᠎ᠠ ᠪᠤᠯ ᠰᠢᠨ᠎ᠠ ᠪᠠᠶᠢᠳᠠᠯ ᠳᠤᠤᠷᠡᠬᠢ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠵᠢᠯᠤᠭᠤᠳᠬᠤ ᠬᠦᠳᠦᠯᠪᠤᠷᠢ ᠶᠢᠨ ᠴᠢᠨᠠᠷᠳᠠᠢ ᠰᠤᠷᠪᠤᠯᠵᠢ ᠪᠢᠴᠢᠭ ᠪᠣᠯᠣᠨ᠎ᠠ᠂ ᠳᠡᠷᠡ ᠨᠢ ᠪᠢᠳᠡ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠠᠭ ᠦᠶ᠎ᠠ ᠲᠠᠢ ᠵᠡᠷᠭᠡᠴᠡᠨ ᠤᠷᠤᠭᠰᠢᠯᠠᠭᠤᠯᠬᠤ ᠶᠢ ᠠᠬᠢᠭᠤᠯᠬᠤ ᠳᠤ ᠴᠢᠬᠤᠯᠠ ᠵᠢᠷᠤᠮᠯᠡᠯ ᠬᠠᠩᠭᠠᠵᠠᠢ᠃ ᠯᠢᠤ ᠶᠦᠨ ᠱᠠᠨ ᠨᠦᠬᠦᠷ ᠤᠨ ᠳ᠋ᠦᠩᠨᠡᠯᠳᠡ ᠶᠢᠨ ᠶᠠᠷᠢᠶ᠎ᠠ ᠪᠠ ᠲᠦᠪ ᠤᠨ ︽ᠰᠠᠨᠠᠯ︾ ᠨᠢ ᠪᠢᠳᠡ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠰᠠᠶᠢᠳᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠲᠦᠪ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠪᠠ ᠲᠦᠪ ᠤᠨ ︽ᠰᠠᠨᠠᠯ︾ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠦ ᠤᠢᠢᠯᠠᠭᠠᠵᠦ᠂ ᠬᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠠᠴᠢ ᠬᠤᠯᠪᠣᠭᠳᠠᠯ ᠪᠠ ᠴᠢᠬᠤᠯᠠ ᠦᠢᠯᠡᠳᠤᠯ ᠢ ᠬᠦᠨᠵᠡᠭᠡᠢ ᠳᠠᠨᠢᠵᠦ᠂ ᠳᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠡᠳᠤ ᠶᠢᠨ ᠵᠡᠬᠦᠳᠤ ᠶᠢ ᠳᠡᠷᠭᠡᠯᠰᠢᠬᠦᠯᠬᠦ ᠪᠠᠷ ᠴᠢᠷᠮᠠᠶᠢᠬᠤ  ᠴᠠᠭ ᠦᠶ᠎ᠠ ᠶᠢᠨ ᠭᠤᠤᠯ ᠰᠡᠳᠤᠪ ᠢ ᠪᠠᠳᠤ ᠡᠵᠡᠮᠰᠢᠵᠦ᠂ ᠳᠤᠮᠳᠠᠳᠤ ᠶᠢᠨ ᠤᠨᠴᠠᠯᠢᠭ ᠲᠠᠢ ᠤᠯᠠᠨ ᠲᠦᠮᠡᠨ ᠤ ᠪᠦᠯᠬᠦᠮ ᠤᠨ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠨᠠᠮ ᠪᠠ ᠤᠯᠠᠨ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠨᠢᠭᠳᠠᠷᠠᠭᠤᠯᠬᠤ ᠪᠠᠷ ᠭᠤᠤᠯ ᠪᠤᠯᠭᠠᠵᠦ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠳᠠᠪᠠᠭᠤᠯᠢᠭ ᠪᠠ ᠦᠢᠯᠡᠳᠤᠯ ᠢ ᠪᠠᠳᠠᠷᠠᠭᠤᠯᠬᠤ ᠪᠠᠷ ᠭᠤᠤᠯᠳᠠᠯᠭ᠎ᠠ ᠪᠤᠯᠭᠠᠵᠦ᠂ ᠬᠦᠴᠦᠨ ᠢᠶᠠᠨ ᠲᠦᠪᠯᠡᠷᠡᠬᠦᠯᠦᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠪᠠ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦᠴᠢ ᠴᠢᠨᠠᠷ᠂ ᠳᠡᠷᠢᠬᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠳᠠᠯᠠᠨ ᠰᠠᠶᠢᠵᠢᠷᠠᠭᠤᠯᠵᠦ᠂ ᠬᠠᠮᠤᠭ ᠤᠨ ᠦᠷᠭᠡᠨ ᠳᠡᠯᠭᠡᠷ ᠡᠯ᠎ᠠ ᠦᠨᠳᠤᠰᠤᠳᠡᠨ ᠤ ᠤᠯᠠᠨ ᠲᠦᠮᠡᠨ ᠢ ᠵᠤᠬᠢᠶᠠᠨ ᠪᠠᠶᠢᠭᠤᠯᠤᠨ ᠳᠠᠶᠢᠴᠢᠯᠠᠨ ᠪᠦᠯᠬᠦᠮᠳᠡᠬᠦᠯᠵᠦ ᠪᠠᠶᠢᠭᠠᠳ᠂ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠠᠶᠢᠳᠠᠪᠤᠷᠢᠵᠢᠭᠤᠯᠵᠦ᠂ ᠡᠬᠡ ᠤᠯᠤᠰ ᠤᠨ ᠤᠮᠠᠷᠠᠳᠤ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠶᠢᠨ ᠲᠦᠯᠦᠭᠡ ᠬᠠᠮᠳᠤ ᠪᠠᠷ ᠳᠡᠮᠡᠴᠡᠬᠦ ᠬᠡᠷᠡᠭᠳᠡᠢ ᠭᠡᠵᠡᠢ᠃        ᠸᠠᠩ ᠵᠢᠶᠦ᠋ᠨ ᠴᠢᠬᠤᠯᠠᠴᠢᠯᠠᠭᠰᠠᠨ ᠨᠢ᠂ ᠳᠤᠮᠳᠠᠳᠤ ᠣᠯᠣᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠬᠦᠮ ᠤᠨ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠳᠤ᠂ ᠦᠨᠡᠨᠬᠦ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠤᠯᠤᠰ ᠲᠦᠷᠤᠴᠢ ᠴᠢᠨᠠᠷ ᠢ ᠪᠠᠷᠢᠮᠳᠠᠯᠠᠨ ᠴᠢᠩᠭᠠᠳᠬᠠᠵᠦ᠂ ᠤᠬᠠᠮᠰᠠᠷ ᠠᠴᠠ ᠪᠠᠨ ᠲᠦᠪ ᠤᠨ ᠡᠷᠭᠡ ᠰᠦᠷ ᠢ ᠬᠠᠮᠠᠭᠠᠯᠠᠵᠦ᠂ ᠢᠮᠠᠭᠳᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠠ ᠪᠠᠨ ᠰᠢ ᠶᠢᠨ ᠫᠢᠩ ᠨᠦᠬᠦᠷ ᠢᠶᠠᠷ ᠶᠡᠷᠤᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠤ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ︔ ᠦᠨᠡᠨᠬᠦ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠳᠡᠷᠢᠬᠦᠨ ᠤ ᠴᠢᠨᠠᠷ ᠢ ᠪᠠᠷᠢᠮᠳᠠᠯᠠᠨ ᠴᠢᠩᠭᠠᠳᠬᠠᠵᠦ᠂ ᠴᠠᠭ ᠦᠶ᠎ᠠ ᠶᠢᠨ ᠭᠤᠤᠯ ᠰᠡᠳᠤᠪ ᠢ  ᠪᠠᠳᠤ ᠡᠵᠡᠮᠰᠢᠵᠦ᠂ ᠨᠠᠮ ᠪᠠ ᠤᠯᠤᠰ ᠤᠨ ᠠᠵᠢᠯ ᠤᠨ ᠶᠡᠭᠡ ᠳᠠᠯ᠎ᠠ ᠶᠢᠨ ᠳᠤᠭᠤᠷᠢᠨ ᠳᠤ᠂ ᠦᠷᠭᠡᠨ ᠤᠯᠠᠨ ᠲᠦᠮᠡᠨ ᠢ ᠵᠤᠬᠢᠶᠠᠨ  ᠪᠠᠶᠢᠭᠤᠯᠤᠨ ᠳᠠᠶᠢᠴᠢᠯᠠᠵᠦ ᠦᠭᠡᠷᠡᠴᠢᠯᠡᠯᠳᠡ ᠬᠦᠭᠵᠢᠯᠳᠡ ᠳᠤᠭᠳᠠᠭᠤᠨ ᠤ ᠨᠢᠭᠡᠳᠤᠭᠡᠷ ᠹᠷᠤᠨᠲ ᠳᠡᠭᠡᠷ᠎ᠠ ᠭᠠᠪᠢᠶ᠎ᠠ ᠵᠢᠳᠬᠦᠯ ᠭᠠᠷᠭᠠᠯᠭᠠᠵᠦ᠂ ᠦᠢᠯᠡᠳᠤᠯᠭᠡ ᠶᠢᠨ ᠳᠤᠮᠳᠡ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠬᠦᠴᠤᠷᠭᠡᠭ ᠶᠡᠭᠡ ᠨᠢᠭᠳᠠᠷᠠᠭᠤᠯᠬᠤ ᠬᠦᠴᠦᠨ ᠪᠠ ᠳᠠᠶᠢᠴᠢᠨ ᠬᠦᠴᠦᠨ ᠢ ᠴᠢᠩᠭᠠᠳᠬᠠᠬᠤ ᠬᠡᠷᠡᠭᠳᠡᠢ︔ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠤᠯᠠᠨ ᠲᠦᠮᠡᠨᠴᠢ ᠴᠢᠨᠠᠷ ᠢ ᠦᠨᠡᠨᠬᠦ ᠪᠠᠷᠢᠮᠳᠠᠯᠠᠨ ᠴᠢᠩᠭᠠᠳᠬᠠᠵᠦ᠂ ᠤᠯᠠᠨ ᠲᠦᠮᠡᠨ ᠢᠶᠠᠷ ᠭᠤᠤᠯ ᠪᠤᠯᠭᠠᠬᠤ ᠠᠵᠢᠯ ᠤᠨ ᠤᠳᠤᠷᠢᠳᠤᠮᠵᠢ ᠶᠢ ᠪᠠᠬᠢᠵᠢᠬᠦᠯᠦᠨ ᠳᠤᠭᠳᠠᠭᠠᠵᠦ᠂ ᠠᠯᠢᠪᠠ ᠪᠦᠬᠦᠨ ᠤᠯᠠᠨ ᠲᠦᠮᠡᠨ ᠤ ᠲᠦᠯᠦᠭᠡ ᠪᠠᠶᠢᠬᠤ᠂ ᠤᠷᠬᠢᠯᠤᠮ᠎ᠠ ᠬᠠᠯᠠᠭᠤᠨ ᠰᠡᠳᠬᠢᠯᠭᠡ ᠪᠠᠷ ᠤᠯᠠᠨ ᠲᠦᠮᠡᠨ ᠳᠤ ᠦᠢᠯᠡᠴᠢᠯᠡᠬᠦ ᠶᠢ ᠪᠠᠷᠢᠮᠳᠠᠯᠠᠵᠦ᠂ ᠨᠠᠮ ᠠᠴᠠ ᠤᠯᠠᠨ ᠲᠦᠮᠡᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠶᠢᠨ ᠦᠢᠯᠡᠳᠤᠯ ᠢ ᠰᠠᠶᠢᠳᠤᠷ ᠪᠠᠳᠠᠷᠠᠭᠤᠯᠬᠤ ᠬᠡᠷᠡᠭᠳᠡᠢ ᠭᠡᠵᠡᠢ᠃        ᠸᠠᠩ ᠵᠢᠶᠦ᠋ᠨ ᠱᠠᠭᠠᠷᠳᠠᠭᠰᠠᠨ ᠨᠢ᠂ ᠨᠠᠮ ᠤᠨ ᠬᠤᠷᠢᠶ᠎ᠠ ᠨᠢᠭᠡᠳᠤᠯᠳᠡᠢ ᠬᠠᠮᠢᠶᠠᠷᠬᠤ᠂ ᠨᠠᠮ ᠵᠠᠰᠠᠭ ᠵᠡᠷᠭᠡᠪᠡᠷ ᠠᠳᠬᠤᠵᠦ ᠬᠠᠮᠳᠤ ᠪᠠᠷ ᠬᠠᠮᠢᠶᠠᠷᠬᠤ᠂ ᠰᠠᠯᠠᠭ᠎ᠠ ᠮᠦᠴᠢᠷ ᠦᠪᠡᠷ ᠦᠪᠡᠷ ᠤᠨ ᠬᠠᠷᠢᠭᠤᠴᠠᠯᠭ᠎ᠠ ᠪᠠᠨ ᠡᠬᠦᠷᠭᠡᠯᠡᠬᠦ᠂ ᠨᠠᠮ ᠤᠨ ᠭᠡᠰᠢᠬᠦᠨ ᠺᠠᠳ᠋ᠷ ᠳᠤᠯᠤᠭᠠᠢᠢᠯᠠᠨ ᠵᠢᠱᠢᠶ᠎ᠠ ᠦᠵᠡᠬᠦᠯᠬᠦ᠂ ᠤᠯᠠᠨ ᠲᠦᠮᠡᠨ ᠤ ᠪᠦᠯᠬᠦᠮ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠠᠵᠢᠯ ᠤᠨ ᠲᠦᠯᠦᠪ ᠪᠠᠶᠢᠳᠠᠯ ᠢ ᠪᠠᠷᠢᠮᠳᠠᠯᠠᠵᠦ᠂ ᠨᠠᠮ ᠤᠨ ᠬᠤᠷᠢᠶ᠎ᠠ ᠤᠳᠤᠷᠢᠳᠤᠭᠰᠠᠨ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠤᠨ ᠳᠤᠭᠳᠠᠴᠠ ᠶᠢ ᠳᠡᠬᠦᠯᠳᠡᠷᠵᠢᠬᠦᠯᠵᠦ᠂ ᠤᠯᠠᠨ ᠲᠦᠮᠡᠨ ᠤ ᠪᠦᠯᠬᠦᠮ ᠤᠨ ᠠᠵᠢᠯ ᠢ ᠤᠳᠤᠷᠢᠳᠬᠤ ᠠᠷᠭ᠎ᠠ ᠬᠡᠯᠪᠡᠷᠢ ᠪᠠ ᠠᠵᠢᠯ ᠤᠨ ᠠᠷᠭ᠎ᠠ ᠪᠠᠨ ᠰᠠᠶᠢᠵᠢᠷᠠᠭᠤᠯᠵᠦ᠂ ᠤᠯᠠᠨ ᠲᠦᠮᠡᠨ ᠤ ᠪᠦᠯᠬᠦᠮ ᠤᠨ ᠠᠵᠢᠯ ᠢ ᠳᠡᠮᠵᠢᠬᠦ ᠪᠠᠳᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠦ᠂ ᠮᠠᠨ ᠤ ᠤᠷᠤᠨ ᠤ ᠤᠯᠠᠨ ᠲᠦᠮᠡᠨ ᠤ ᠪᠦᠯᠬᠦᠮ ᠤᠨ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠦᠷᠭᠡᠨ ᠤᠯᠠᠨ ᠲᠦᠮᠡᠨ ᠢ ᠵᠤᠬᠢᠶᠠᠨ ᠪᠠᠶᠢᠭᠤᠯᠤᠨ ᠳᠠᠶᠢᠴᠢᠯᠠᠵᠦ᠂ ᠰᠢ ᠶᠢᠨ ᠫᠢᠩ ᠨᠦᠬᠦᠷ ᠢᠶᠠᠷ ᠶᠡᠷᠤᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠨᠡᠩ ᠨᠢᠭᠳᠠᠷᠠᠨ ᠪᠦᠯᠬᠦᠮᠳᠡᠬᠦᠯᠵᠦ᠂ ᠦᠷᠭᠡᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠭᠡᠭᠡᠴᠡᠯᠳᠤᠯ ᠢ ᠬᠦᠴᠤᠷᠭᠡᠭ ᠶᠡᠭᠡ ᠬᠦᠳᠡᠯᠭᠡᠭᠴᠢ ᠬᠦᠴᠦᠨ ᠪᠤᠯᠭᠠᠨ ᠨᠢᠭᠳᠠᠷᠠᠭᠤᠯᠵᠦ᠂ ︽ᠬᠤᠶᠠᠷ ᠨᠢᠭᠡ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠵᠦ᠂ ᠳᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠪᠡᠶᠡᠯᠡᠬᠦᠯᠬᠦ ᠦᠪᠤᠷ ᠮᠤᠩᠭᠤᠯ ᠤᠨ ᠬᠠᠭᠤᠳᠠᠰᠣ ᠶᠢ ᠬᠠᠮᠳᠤ ᠪᠠᠷ ᠪᠢᠴᠢᠭᠯᠡᠬᠦ ᠬᠡᠷᠡᠭᠳᠡᠢ ᠭᠡᠵᠡᠢ᠃        ᠯᠢ ᠫᠧᠩ ᠰᠢᠨ ᠳ᠋ᠦᠩᠨᠡᠯᠳᠡ ᠶᠢᠨ ᠶᠠᠷᠢᠶ᠎ᠠ ᠳᠠᠭᠠᠨ ᠵᠢᠭᠠᠵᠦ ᠭᠠᠷᠭᠠᠭᠰᠠᠨ ᠨᠢ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠦᠨᠡᠨᠬᠦ ᠦᠵᠡᠯ ᠰᠠᠨᠠᠭ᠎ᠠ ᠳᠠᠨᠢᠯᠳᠠ ᠪᠠᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ  ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠨᠢᠭᠡᠳᠭᠡᠵᠦ᠂ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠠᠴᠢ ᠬᠤᠯᠪᠣᠭᠳᠠᠯ᠂ ᠦᠨᠳᠤᠰᠤᠨ ᠪᠠᠶᠢᠷᠢ ᠳᠤᠭᠳᠠᠭᠠᠯᠳᠠ᠂ ᠦᠨᠳᠤᠰᠤᠨ ᠱᠠᠭᠠᠷᠳᠠᠯᠭ᠎ᠠ᠂ ᠭᠤᠤᠯᠳᠠᠯᠭ᠎ᠠ ᠲᠠᠢ ᠡᠬᠦᠷᠭᠡ ᠶᠢ ᠤᠨᠤᠪᠴᠢᠳᠠᠢ ᠡᠵᠡᠮᠰᠢᠵᠦ᠂ ᠤᠯᠤᠰ ᠲᠦᠷᠦᠴᠢ ᠴᠢᠨᠠᠷ ᠳᠡᠷᠢᠬᠦᠨ ᠤ ᠴᠢᠨᠠᠷ ᠤᠯᠠᠨ ᠲᠦᠮᠡᠨᠴᠢ ᠴᠢᠨᠠᠷ ᠢᠶᠠᠷ ᠪᠦᠬᠦ ᠤᠷᠤᠨ ᠤ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠦᠢᠯᠡᠳᠤᠯᠭᠡ ᠶᠢ ᠵᠢᠯᠤᠭᠤᠳᠴᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠠᠳᠬᠤᠬᠤ ᠶᠢ ᠦᠨᠡᠨᠬᠦ ᠰᠠᠶᠢᠳᠤᠷ ᠬᠦᠢᠴᠡᠳᠬᠡᠵᠦ᠂ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠬᠦᠴᠦᠨ ᠢ ᠨᠢᠭᠳᠠᠷᠠᠭᠤᠯᠬᠤ ᠳᠤᠮᠤ ᠤᠴᠢᠷ ᠪᠤᠯᠭᠠᠨ ᠠᠳᠬᠤᠵᠦ᠂ ᠲᠦᠪ ᠤᠨ ︽ᠰᠠᠨᠠᠯ︾ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠬᠡᠷᠡᠭᠵᠢᠬᠦᠯᠬᠦ ᠰᠠᠨᠠᠯ︾ ᠵᠢᠴᠢ ᠬᠠᠷᠢᠭᠤᠴᠠᠯᠭ᠎ᠠ ᠬᠤᠪᠢᠶᠠᠷᠢᠯᠠᠬᠤ ᠲᠦᠰᠦᠯ ᠢ ᠬᠢᠨᠠᠮᠠᠭᠠᠢ ᠤᠯᠠᠮᠵᠢᠯᠠᠨ ᠰᠤᠷᠤᠯᠴᠠᠨ ᠳᠤᠤᠱᠯᠠᠭᠤᠯᠵᠦ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠂ ᠨᠠᠮ ᠤᠨ ᠪᠠᠶᠢᠭᠤᠯᠤᠯᠳᠠ ᠪᠠᠷ ᠤᠯᠠᠨ ᠲᠦᠮᠡᠨ ᠤ ᠪᠦᠯᠬᠦᠮ ᠤᠨ ᠪᠠᠶᠢᠭᠤᠯᠤᠯᠳᠠ ᠶᠢ ᠳᠠᠶᠢᠴᠢᠯᠠᠬᠤ ᠠᠵᠢᠯ ᠢ ᠶᠡᠬᠡᠪᠡᠷ ᠠᠬᠢᠭᠤᠯᠵᠦ᠂ ᠤᠯᠠᠨ ᠲᠦᠮᠡᠨ ᠤ ᠪᠦᠯᠬᠦᠮ ᠤᠨ ᠠᠵᠢᠯ ᠢ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠳᠣᠰᠢᠶᠠᠯ ᠤᠨ ᠮᠡᠳᠡᠭᠦᠯᠦᠯᠳᠡ ᠬᠢᠵᠦ ᠦᠨᠡᠯᠡᠨ ᠬᠢᠨᠠᠨ ᠰᠢᠯᠭᠠᠬᠤ ᠳᠤ ᠤᠷᠤᠭᠤᠯᠵᠦ ᠂ ᠤᠯᠠᠨ ᠲᠦᠮᠡᠨ ᠤ ᠪᠦᠯᠬᠦᠮ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠪᠠᠳᠤᠯᠠᠨ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠴᠢᠷᠮᠠᠶᠢᠨ ᠵᠢᠳᠬᠦᠬᠦ ᠵᠤᠷᠢᠭ ᠰᠠᠨᠠᠭ᠎ᠠ ᠪᠠᠷ ᠠᠵᠢᠯ ᠤᠨ ᠰᠢᠨ᠎ᠠ ᠶᠢ ᠡᠬᠦᠳᠦᠨ ᠬᠦᠭᠵᠢᠬᠦ ᠶᠢ ᠠᠬᠢᠭᠤᠯᠵᠦ᠂ ᠭᠠᠷᠤᠭ᠎ᠠ ᠪᠠᠨ ᠤᠨᠤᠪᠴᠢᠳᠠᠢ ᠡᠷᠢᠵᠦ᠂ ᠰᠢᠪᠳᠤᠯᠤᠯᠳᠠ ᠶᠢ ᠤᠨᠤᠪᠴᠢᠳᠠᠢ ᠰᠤᠩᠭᠤᠵᠦ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠪᠠ ᠤᠯᠠᠨ ᠲᠦᠮᠡᠨ ᠤ ᠪᠦᠯᠬᠦᠮ ᠤᠨ ᠠᠵᠢᠯ ᠤᠨ ᠦᠭᠡᠷᠡᠴᠢᠯᠡᠯᠳᠡ ᠶᠢ ᠳᠠᠰᠤᠷᠠᠯᠳᠠ ᠦᠭᠡᠢ ᠬᠦᠨᠵᠡᠭᠡᠶᠢᠷᠡᠬᠦᠯᠦᠨ᠂ ᠬᠦᠴᠢᠷ ᠲᠠᠢ ᠠᠰᠠᠭᠤᠳᠠᠯ ᠢ ᠰᠢᠢᠳᠪᠤᠷᠢᠯᠡᠬᠦ ᠳᠤᠮᠳᠡ ᠳᠣᠰ ᠪᠡᠶ᠎ᠠ ᠶᠢᠨ ᠪᠠᠶᠢᠭᠤᠯᠤᠯᠳᠠ ᠶᠢᠨ ᠲᠦᠪᠰᠢᠨ ᠢᠶᠠᠨ ᠳᠡᠭᠡᠭᠰᠢᠯᠡᠬᠦᠯᠬᠦ ᠪᠠᠷ ᠴᠢᠷᠮᠠᠶᠢᠵᠦ᠂ ᠨᠡᠩ ᠶᠡᠭᠡ ᠬᠠᠷᠢᠭᠤᠴᠠᠯᠭ᠎ᠠ ᠶᠢ ᠡᠬᠦᠷᠭᠡᠯᠡᠬᠦ ᠪᠠ ᠳᠡᠭᠡᠳᠤ ᠬᠡᠮᠵᠢᠶᠡᠨ ᠤ ᠠᠵᠢᠯᠯᠠᠭ᠎ᠠ ᠶᠢᠨ ᠤᠬᠠᠮᠰᠠᠷ ᠢᠶᠠᠷ᠂ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠡᠬᠡ ᠤᠯᠤᠰ ᠤᠨ ᠤᠮᠠᠷᠠᠳᠤ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠰᠢᠨ᠎ᠠ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号