ᠡᠨᠡ ᠵᠢᠯ ᠤᠨ ᠤᠯᠤᠰ ᠤᠨ ᠪᠠᠶᠠᠷ ᠤᠨ ᠠᠯᠲᠠᠨ ᠭᠠᠷᠠᠭ ᠤᠨ ᠡᠳᠦᠷ ᠤᠨ ᠲᠡᠷᠭᠡᠨ ᠪᠢᠯᠧᠲ ᠢ ᠨᠢᠭᠡᠨᠲᠡ 8 | ᠳ᠋ᠤᠭᠠᠷ ᠰᠠᠷ᠎ᠠ ᠶᠢᠨ 3 ᠤ ᠡᠳᠦᠷ ᠤᠨ 14 ᠴᠠᠭ ᠠᠴᠠ ᠡᠬᠢᠯᠡᠵᠦ ᠵᠢᠩᠬᠢᠨᠢ ᠪᠠᠷ ᠬᠤᠳᠠᠯᠳᠤᠵᠤ ᠡᠬᠢᠯᠡᠪᠡ᠂ ᠠᠶᠠᠨᠴᠢᠳ | 12306 ᠰᠦᠯᠵᠢᠶ᠎ᠡ᠂ 12306 ᠭᠠᠷ ᠤᠲᠠᠰᠤ ᠬᠡᠷᠡᠭᠯᠡᠭᠴᠢ ᠶᠢᠨ ᠳᠠᠪᠲᠠᠭ ᠲᠤ ᠭᠠᠷᠬᠤ ᠪᠤᠶᠤ 12306 | ᠪᠢᠯᠧᠲ ᠵᠠᠬᠢᠶᠠᠯᠠᠬᠤ ᠤᠲᠠᠰᠤ ᠪᠠᠷ ᠤᠲᠠᠰᠤᠳᠠᠨ ᠲᠡᠷᠭᠡᠨ ᠪᠢᠯᠧᠲ ᠢ ᠤᠷᠢᠳᠴᠢᠯᠠᠨ ᠵᠠᠬᠢᠶᠠᠯᠠᠵᠤ ᠪᠤᠯᠤᠨ᠎ᠠ᠃ ᠡᠨᠡ | ᠵᠢᠯ ᠤᠨ ᠤᠯᠤᠰ ᠤᠨ ᠪᠠᠶᠠᠷ ᠤᠨ 7 ᠡᠳᠦᠷ ᠤᠨ ᠴᠢᠯᠦᠭᠡ ᠪᠤᠯ 10 ᠳ᠋ᠤᠭᠠᠷ ᠰᠠᠷ᠎ᠠ ᠶᠢᠨ 1 ᠤ ᠡᠳᠦᠷ ᠠᠴᠠ 10 | ᠳ᠋ᠤᠭᠠᠷ ᠰᠠᠷ᠎ᠠ ᠶᠢᠨ 7 ᠤ ᠡᠳᠦᠷ ᠪᠤᠯᠤᠨ᠎ᠠ᠃ ᠬᠦᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠠᠶᠠᠨᠴᠢᠳ ᠤᠨ | ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠵᠢᠱᠢᠬᠦ ᠢᠶᠠᠷ᠂ ᠠᠯᠲᠠᠨ ᠭᠠᠷᠠᠭ ᠤᠨ ᠠᠶᠠᠨᠴᠢᠳ ᠨᠢ ᠵᠢᠭᠤᠯᠴᠢᠯᠠᠯ ᠤᠨ | ᠤᠷᠤᠰᠬᠠᠯ᠂ ᠰᠤᠷᠤᠭᠴᠢᠳ ᠤᠨ ᠤᠷᠤᠰᠬᠠᠯ᠂ ᠲᠥᠷᠥᠯ ᠰᠠᠳᠤᠨ ᠢᠶᠠᠨ ᠡᠷᠭᠢᠬᠦ ᠤᠷᠤᠰᠬᠠᠯ ᠢᠶᠠᠷ ᠭᠤᠣᠯ ᠪᠤᠯᠵᠤ᠂ | ᠡᠭᠦᠨ ᠤ ᠬᠠᠮᠲᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ︽ᠲᠣᠣᠷᠠᠶ ᠶᠢᠨ ᠪᠠᠶᠠᠷ︾ ᠤᠨ ᠦᠪᠡᠳᠡᠭᠰᠢ ᠶᠡᠭᠡ | ᠬᠤᠷᠠᠯ ᠬᠤᠷᠠᠯᠳᠤᠬᠤ ᠶᠢ ᠳᠠᠭᠠᠯᠳᠤᠨ᠂ ᠬᠥᠬᠡᠬᠤᠲᠠ ~ ᠡᠵᠡᠨ᠎ᠡ ᠶᠢᠨ K7911/2 ᠡᠭᠡᠯᠵᠢ ᠶᠢᠨ | ᠠᠶᠠᠨᠴᠢᠳ ᠤᠨ ᠭᠠᠯᠲᠤ ᠲᠡᠷᠭᠡᠨ ᠤ ᠪᠢᠯᠧᠲ ᠬᠡᠪ ᠤᠨ ᠪᠠᠶᠢᠳᠠᠯ ᠠᠴᠠ ᠪᠠᠨ ᠬᠡᠲᠦᠷᠡᠨ᠎ᠡ ᠬᠡᠪᠡ᠃ ᠲᠡᠮᠦᠷ ᠵᠠᠮ ᠤᠨ | ᠰᠠᠯᠠᠭ᠎ᠠ ᠮᠥᠴᠢᠷ ᠠᠴᠠ ᠰᠠᠨᠠᠭᠤᠯᠤᠭᠰᠠᠨ ᠨᠢ᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ᠂ ᠤᠲᠠᠰᠤ ᠪᠠᠷ | ᠪᠢᠯᠧᠲ ᠵᠠᠬᠢᠶᠠᠯᠠᠬᠤ ᠶᠢᠨ ᠤᠷᠢᠳᠴᠢᠯᠠᠨ ᠵᠠᠬᠢᠶᠠᠯᠠᠬᠤ ᠬᠤᠭᠤᠴᠠᠭ᠎ᠠ ᠶᠢ ᠪᠤᠰᠤᠳ ᠪᠢᠯᠧᠲ ᠵᠠᠬᠢᠶᠠᠯᠠᠬᠤ ᠠᠷᠭ᠎ᠠ ᠠᠴᠠ | 2 ᠡᠳᠦᠷ ᠤᠷᠲᠤᠳᠬᠠᠨ᠎ᠠ᠂ ᠡᠶᠢᠮᠦ ᠠᠴᠠ ᠠᠶᠠᠨᠴᠢᠳ ᠬᠠᠮᠤᠭ ᠤᠨ ᠰᠠᠶᠢᠨ ᠨᠢ ᠰᠦᠯᠵᠢᠶᠡᠨ ᠳᠡᠭᠡᠷ᠎ᠡ ᠪᠢᠯᠧᠲ | ᠵᠠᠬᠢᠶᠠᠯᠠᠬᠤ ᠪᠤᠶᠤ ᠤᠲᠠᠰᠤ ᠪᠠᠷ ᠪᠢᠯᠧᠲ ᠵᠠᠬᠢᠶᠠᠯᠠᠬᠤ ᠬᠡᠯᠪᠡᠷᠢ ᠪᠠᠷ ᠤᠯᠤᠰ ᠤᠨ ᠪᠠᠶᠠᠷ ᠤᠨ ᠠᠯᠲᠠᠨ ᠭᠠᠷᠠᠭ ᠤᠨ | ᠪᠢᠯᠧᠲ ᠢ ᠬᠤᠳᠠᠯᠳᠤᠨ ᠠᠪᠴᠤ ᠪᠤᠯᠤᠨ᠎ᠠ᠃ |