2015 ᠤᠨ ᠤ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠡᠳ᠋ ᠤᠨ | ᠵᠠᠰᠠᠭ ᠤᠨ ᠨᠥᠬᠦᠪᠥᠷᠢ ᠪᠡᠯᠡ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ 185,098.89 ᠲᠦᠮᠡᠨ | ᠲᠥᠭᠦᠷᠢᠭ ᠤᠯᠭᠤᠵᠤ᠂ ᠨᠥᠬᠦᠪᠥᠷᠢ ᠪᠡᠯᠡ ᠮᠥᠩᠭᠦ ᠨᠢ 11 ᠬᠦᠷᠢᠶᠡᠨ ᠤ 77 ᠲᠥᠷᠥᠯ ᠤᠨ 104 ᠵᠦᠢᠯ ᠳᠤ | ᠬᠤᠯᠪᠤᠭᠳᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ 325 ᠲᠦᠮᠡᠨ ᠬᠥᠮᠦᠨ ᠤᠳᠠᠭ᠎ᠠ ᠠᠰᠢᠭ ᠬᠦᠷᠲᠡᠪᠡ᠃ | ᠨᠦᠬᠦᠪᠦᠷᠢ ᠤᠯᠭᠤᠭᠰᠠᠨ ᠶᠡᠷᠦᠩᠬᠡᠶ ᠲᠤᠭ᠎ᠠ ᠳᠤ ᠮᠠᠯᠴᠢᠨ ᠲᠠᠷᠢᠶᠠᠴᠢᠳ ᠲᠤ 166,032.95 ᠲᠦᠮᠡᠨ | ᠲᠥᠭᠦᠷᠢᠭ ᠤᠨ ᠨᠥᠬᠦᠪᠥᠷᠢ ᠪᠡᠯᠡ ᠮᠥᠩᠭᠦ ᠤᠯᠭᠤᠵᠤ᠂ ᠮᠠᠯᠴᠢᠨ ᠲᠠᠷᠢᠶᠠᠴᠢᠨ 291 ᠲᠦᠮᠡᠨ ᠬᠥᠮᠦᠨ ᠤᠳᠠᠭ᠎ᠠ | ᠠᠰᠢᠭ ᠬᠦᠷᠲᠡᠵᠤ᠂ 11 ᠬᠦᠷᠢᠶᠡᠨ ᠤ 68 ᠲᠥᠷᠥᠯ ᠤᠨ 94 ᠵᠦᠢᠯ ᠳᠤ ᠬᠤᠯᠪᠤᠭᠳᠠᠪᠠ︔ ᠬᠤᠲᠠ | ᠪᠠᠯᠭᠠᠰᠤ ᠶᠢᠨ ᠰᠠᠭᠤᠭᠠᠯᠢ ᠠᠷᠠᠳ ᠲᠤ 19,065.94 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ | ᠤᠯᠭᠤᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ 34 ᠲᠦᠮᠡᠨ ᠬᠥᠮᠦᠨ ᠤᠳᠠᠭ᠎ᠠ ᠠᠰᠢᠭ ᠬᠦᠷᠲᠡᠵᠤ᠂ 6 | ᠬᠦᠷᠢᠶᠡᠨ ᠤ 18 ᠲᠥᠷᠥᠯ ᠤᠨ 23 ᠵᠦᠢᠯ ᠳᠤ ᠬᠤᠯᠪᠤᠭᠳᠠᠪᠠ᠃ ᠬᠤᠯᠪᠤᠭᠳᠠᠭᠰᠠᠨ ᠭᠤᠣᠯ ᠪᠤᠯᠬᠤ | ᠨᠥᠬᠦᠪᠥᠷᠢ ᠶᠢᠨ ᠬᠦᠷᠢᠶᠡᠨ ᠳᠤ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠨᠥᠬᠦᠪᠥᠷᠢ ᠪᠡᠯᠡ ᠮᠥᠩᠭᠦ 72, | 505.99 ᠲᠦᠮᠡᠨ ᠲᠥᠭᠦᠷᠢᠭ︔ ᠲᠠᠷᠢᠶᠠᠯᠠᠩ ᠤᠨ ᠲᠥᠷᠥᠯ ᠤᠨ ᠨᠥᠬᠦᠪᠥᠷᠢ ᠪᠡᠯᠡ ᠮᠥᠩᠭᠦ 48,656.07 | ᠲᠦᠮᠡᠨ ᠲᠥᠭᠦᠷᠢᠭ︔ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠨᠥᠬᠦᠪᠥᠷᠢ ᠪᠡᠯᠡ ᠮᠥᠩᠭᠦ 33,920.66 | ᠲᠦᠮᠡᠨ ᠲᠦᠭᠦᠷᠢᠭ︔ ᠣᠶ ᠰᠢᠭᠤᠶ ᠶᠢᠨ ᠲᠥᠷᠥᠯ ᠤᠨ ᠨᠥᠬᠦᠪᠥᠷᠢ ᠪᠡᠯᠡ ᠮᠥᠩᠭᠦ 20,238.84 ᠲᠦᠮᠡᠨ | ᠲᠥᠭᠦᠷᠢᠭ ᠪᠤᠯᠤᠨ᠎ᠠ︔ ᠪᠣᠳᠠᠲᠠᠶ ᠬᠤᠯᠪᠣᠭᠳᠠᠭᠰᠠᠨ ᠨᠥᠬᠦᠪᠥᠷᠢ ᠥᠭᠬᠦ ᠲᠦᠷᠦᠯ ᠵᠦᠢᠯ ᠳᠤ ᠭᠤᠣᠯᠳᠠᠭᠤ᠄ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠰᠠᠯᠠᠮᠵᠢ᠂ ᠬᠤᠲᠠ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠠᠯᠠᠮᠵᠢ᠂ ᠠᠮᠤ ᠪᠤᠳᠠᠭ᠎ᠠ ᠲᠠᠷᠢᠬᠤ | ᠲᠠᠷᠢᠶᠠᠴᠢᠳ ᠤᠨ ᠰᠢᠭᠤᠳ ᠨᠥᠬᠦᠪᠥᠷᠢ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ ᠤᠨ | ᠲᠥᠯᠥᠪᠦᠷᠢ ᠶᠢᠨ ᠵᠤᠭᠤᠰ᠂ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠲᠤᠰᠠᠯᠠᠮᠵᠢ᠂ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠲᠤᠰᠠᠯᠠᠮᠵᠢ ᠵᠡᠷᠭᠡ ᠪᠠᠶᠢᠨ᠎ᠠ᠃ |