ᠰᠢᠯᠢᠨ ᠰᠣᠩᠭᠤᠬᠤ ᠶᠢᠨ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠴᠠᠭ ᠢ ᠤᠷᠲᠤᠳᠬᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2015/8/12
ᠨᠡᠷ᠎ᠡ ᠮᠡᠳᠡᠭᠦᠯᠦᠨ ᠰᠢᠯᠭᠠᠭᠤᠯᠤᠭᠰᠠᠳ ᠡ᠄      ᠰᠢᠯᠢᠨ ᠰᠣᠩᠭᠤᠬᠤ ᠳᠤ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠰᠢᠯᠢᠨ ᠰᠤᠩᠭᠤᠬᠤ ᠪᠠᠶᠢᠭᠤᠯᠭ᠎ᠠ ᠪᠣᠯᠣᠨ ᠥᠷᠭᠡᠨ ᠣᠯᠠᠨ ᠰᠢᠯᠭᠠᠭᠤᠯᠤᠭᠰᠠᠳ ᠤᠨ ᠱᠠᠭᠠᠷᠳᠠᠯᠭ᠎ᠠ ᠪᠠᠷ᠂ 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠭ᠎ᠠ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ︶᠎ ᠶᠢᠨ  ᠠᠯᠪᠠᠲᠠᠨ ︵ᠠᠵᠢᠯᠲᠠᠨ︶ ᠢᠯᠡ ᠪᠠᠷ ᠰᠢᠯᠢᠨ ᠰᠣᠩᠭᠤᠬᠤ ᠎ ᠶᠢᠨ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠴᠠᠭ ᠢ ᠤᠷᠲᠤᠳᠬᠠᠬᠤ ᠪᠠᠷ ᠲᠣᠭᠲᠠᠪᠠ᠃  ᠨᠡᠷ᠎ᠡ ᠮᠡᠳᠡᠭᠦᠯᠬᠦ ᠴᠠᠭ ᠢ 2015 ᠣᠨ ᠤ 8 ᠳ᠋ᠤᠭᠠᠷ ᠰᠠᠷ᠎ᠠ ᠶᠢᠨ 14᠎ ᠤ ᠡᠳᠦᠷ ᠤᠨ 17᠄ 00 ᠪᠣᠯᠲᠠᠯ᠎ᠠ ᠤᠷᠲᠤᠳᠬᠠᠵᠤ᠂ ᠬᠢᠷᠢ ᠬᠡᠮ ᠬᠢᠨᠠᠨ ᠪᠠᠶᠢᠴᠠᠭᠠᠬᠤ ᠴᠠᠭ ᠢ 8 ᠳ᠋ᠤᠭᠠᠷ ᠰᠠᠷ᠎ᠠ ᠶᠢᠨ 15᠎ ᠤ ᠡᠳᠦᠷ ᠤᠨ17:00 ᠪᠣᠯᠲᠠᠯ᠎ᠠ ᠤᠷᠲᠤᠳᠬᠠᠵᠤ᠂ ᠰᠦᠢᠳᠬᠡᠯ ᠲᠤᠰᠢᠶᠠᠬᠤ ᠴᠠᠭ ᠢ 8 ᠳ᠋ᠤᠭᠠᠷ ᠰᠠᠷ᠎ᠠ ᠶᠢᠨ 16᠎ ᠤ ᠡᠳᠦᠷ ᠤᠨ17:00 ᠪᠣᠯᠲᠠᠯ᠎ᠠ ᠤᠷᠲᠤᠳᠬᠠᠨ᠎ᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠤᠳᠤᠯᠭᠠᠨ ᠤ ᠬᠤᠷᠠᠯ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ︶᠎ ᠤᠨ ᠠᠵᠤ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ᠂ ᠠᠩᠭ᠍ᠯᠢ ᠬᠡᠯᠡᠨ ᠤ ᠠᠵᠢᠯ ᠤᠨ ᠪᠠᠶᠢᠷᠢ᠂ ᠣᠷᠣᠰ ᠬᠡᠯᠡᠨ ᠤ ᠠᠵᠢᠯ ᠤᠨ ᠪᠠᠶᠢᠷᠢ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠠᠵᠢᠯ ᠤᠨ ᠪᠠᠶᠢᠷᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠠᠶᠢᠷᠢ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠬᠠᠷᠢᠶ᠎ᠠ ᠪᠦᠬᠦᠢ ᠬᠥᠬᠡᠬᠤᠲᠠ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ᠂ ᠲᠦᠩᠯᠢᠶᠣᠣ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ᠂ ᠬᠠᠶᠢᠯᠠᠷ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠬᠠᠷᠢᠴᠠᠩᠭᠤᠶ ᠨᠡᠯᠢᠶᠡᠳ ᠴᠥᠭᠡᠨ ᠪᠠᠶᠢᠭ᠎ᠠ ᠪᠣᠯᠬᠤᠷ᠂ ᠨᠡᠷ᠎ᠡ ᠮᠡᠳᠡᠭᠦᠯᠦᠨ ᠰᠢᠯᠭᠠᠭᠤᠯᠬᠤ ᠨᠥᠬᠦᠴᠡᠯ ᠳᠤ ᠨᠡᠶᠢᠴᠡᠬᠦ ᠥᠷᠭᠡᠨ ᠣᠯᠠᠨ ᠠᠯᠪᠠᠲᠠᠨ ︵ᠯᠠᠪᠯᠠᠯᠲᠠ ᠪᠣᠯᠭᠠᠭᠰᠠᠨ ᠠᠯᠪᠠᠲᠠᠨ︶ ᠢᠳᠡᠪᠬᠢᠲᠡᠶ ᠪᠠᠷ ᠨᠡᠷ᠎ᠡ ᠮᠡᠳᠡᠭᠦᠯᠬᠦ ᠶᠢ ᠵᠣᠷᠢᠭᠵᠢᠭᠤᠯᠵᠤ ᠪᠠᠶᠢᠨ᠎ᠠ᠃       ᠰᠢᠯᠢᠨ ᠰᠣᠩᠭᠤᠬᠤ ᠳᠤ ᠬᠤᠯᠪᠣᠭᠳᠠᠬᠤ ᠪᠤᠰᠤᠳ ᠬᠤᠯᠪᠣᠭᠳᠠᠯ ᠪᠦᠬᠦᠢ ᠤᠴᠢᠷ ᠲᠤ ᠬᠡᠷᠪᠡ  ᠲᠣᠬᠢᠷᠠᠭᠤᠯᠤᠯᠲᠠ ᠲᠠᠢ ᠪᠣᠯ ᠲᠤᠰ ᠰᠦᠯᠵᠢᠶ᠎ᠡ ᠳᠤ ᠨᠡᠶᠢᠲᠡᠯᠡᠨ᠎ᠡ᠂ ᠨᠡᠷ᠎ᠡ ᠮᠡᠳᠡᠭᠦᠯᠦᠨ ᠰᠢᠯᠭᠠᠭᠤᠯᠤᠭᠰᠠᠳ ᠴᠠᠭ ᠢᠮᠠᠭᠲᠠ ᠠᠩᠬᠠᠷᠴᠤ ᠪᠠᠶᠢᠬᠤ ᠪᠣᠯᠪᠠᠤ᠃ ᠡᠭᠦᠨ ᠤ ᠲᠤᠯᠠ ᠣᠨᠴᠣᠭᠤᠶᠢᠯᠠᠨ ᠵᠠᠷᠯᠠᠪᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ       2015 ᠣᠨ ᠤ 8 ᠳ᠋ᠤᠭᠠᠷ ᠰᠠᠷ᠎ᠠ ᠶᠢᠨ 12᠎ ᠤᠨ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号