ᠬᠢᠩᠭᠠᠨ ᠠᠶᠢᠮᠠᠭ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ  ᠴᠢᠩᠭᠠᠷᠠᠭᠤᠯᠪᠠ
ᠨᠡᠶᠢᠲᠡᠯᠡᠭᠰᠡᠨ ᠴᠠᠭ᠄
2015/8/13
     ᠣᠶᠢᠷ᠎ᠠ ᠳᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠡᠵᠢᠭᠡᠯ ᠪᠣᠷᠳᠤᠭ᠎ᠠ ᠶᠢᠨ ᠰᠠᠯᠠᠭ᠎ᠠ᠂ ᠠᠶᠢᠮᠠᠭ ᠤᠨ ᠲᠡᠵᠢᠭᠡᠯ  ᠪᠣᠷᠳᠤᠭ᠎ᠠ ᠡᠪᠡᠰᠦᠨ ᠤ ᠦᠷ᠎ᠡ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡᠨ ᠤ ᠬᠠᠷᠢᠭᠤᠴᠠᠯᠭᠠᠲᠠᠨ ᠠᠶᠢᠮᠠᠭ ᠤᠨ ᠡᠯ᠎ᠡ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ  ᠭᠦᠨᠵᠡᠭᠡᠶᠢᠷᠡᠵᠦ᠂ ︽ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠵᠢᠷᠤᠮᠵᠢᠯ︾᠎ ᠢ ᠬᠡᠷᠡᠭᠵᠢᠭᠦᠯᠵᠦ ᠪᠠᠶᠢᠭ᠎ᠠ ᠪᠠᠶᠢᠳᠠᠯ ᠶᠢ ᠪᠠᠶᠢᠴᠠᠭᠠᠨ  ᠵᠢᠯᠤᠭᠤᠳᠴᠤ᠂ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠪᠠ᠃ ᠠᠶᠢᠮᠠᠭ ᠤᠨ ᠲᠡᠵᠢᠭᠡᠯ ᠪᠤᠷᠳᠤᠭ᠎ᠠ ᠡᠪᠡᠰᠦᠨ ᠤ ᠦᠷ᠎ᠡ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠲᠡᠵᠢᠭᠡᠯ ᠪᠣᠷᠳᠤᠭ᠎ᠠ ᠶᠢᠨ ᠬᠠᠤᠯᠢ ᠲᠣᠭᠲᠠᠭᠠᠯ ᠶᠢ ᠬᠢᠨᠠᠮᠠᠭᠠᠶ ᠰᠤᠷᠤᠯᠴᠠᠭᠰᠠᠨ ᠰᠠᠭᠤᠷᠢᠨ ᠳᠡᠭᠡᠷ᠎ᠡ᠂ ︽ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠵᠢᠷᠤᠮᠵᠢᠯ︾᠎ ᠤᠨ ᠱᠠᠭᠠᠷᠳᠠᠯᠭ᠎ᠠ ᠎ ᠪᠠᠷ ᠬᠠᠷᠢᠴᠠᠭᠤᠯᠤᠨ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠶᠢᠨ ᠪᠠᠶᠢᠭᠤᠯᠪᠠᠰᠤ ᠵᠤᠬᠢᠬᠤ 17 ᠵᠦᠢᠯ ᠤᠨ ᠲᠡᠵᠢᠭᠡᠯ ᠪᠣᠷᠳᠣᠭᠠᠨ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ᠂ 39 ᠵᠦᠢᠯ ᠤᠨ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠶᠢᠨ ᠵᠢᠷᠤᠮᠵᠢᠯ ᠤᠨ ᠲᠡᠮᠳᠡᠭᠯᠡᠯ ᠪᠠ 12 ᠵᠦᠢᠯ ᠤᠨ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠠᠵᠢᠯᠯᠠᠭᠤᠯᠬᠤ ᠳᠦᠷᠢᠮ ᠢ ᠵᠦᠢᠯ ᠳᠠᠷᠠᠭᠠᠯᠠᠨ ᠡᠮᠬᠢᠳᠭᠡᠭᠰᠡᠨ ᠤ ᠬᠠᠮᠲᠣ ᠡᠯ᠎ᠡ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠳᠠᠷᠣᠮᠠᠯᠯᠠᠨ ᠦᠭᠴᠦ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠳ ᠢ ᠱᠠᠭᠠᠷᠳᠠᠯᠭ᠎ᠠ ᠪᠠᠷ ᠬᠠᠷᠢᠴᠠᠭᠤᠯᠤᠨ ᠥᠪᠡᠷ ᠢ ᠪᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠳᠦᠷᠢᠮ᠂ ᠲᠡᠮᠳᠡᠭᠯᠡᠯ ᠬᠢᠭᠡᠳ ᠵᠢᠷᠤᠮᠵᠢᠯ ᠲᠠᠢ ᠠᠵᠢᠯᠯᠠᠭᠤᠯᠬᠤ ᠳᠦᠷᠢᠮ ᠎ ᠢᠶᠠᠨ ᠨᠦᠬᠦᠪᠦᠷᠢᠯᠡᠨ ᠲᠡᠭᠦᠯᠳᠡᠷᠵᠢᠭᠦᠯᠬᠦ ᠶᠢ ᠱᠠᠭᠠᠷᠳᠠᠪᠠ᠃ ᠡᠭᠦᠨ ᠤ ᠬᠠᠮᠲᠣ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠶᠢ ᠪᠠᠲᠤᠯᠠᠬᠤ ᠪᠠᠷ ᠭᠤᠣᠯ ᠪᠤᠯᠠᠭᠠᠨ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠳᠣᠲᠣᠭᠠᠳᠤ ᠬᠠᠮᠢᠶᠠᠷᠤᠯᠲᠠ ᠳᠦᠷᠢᠮ ᠢᠶᠠᠨ ᠲᠡᠭᠦᠯᠳᠡᠷᠵᠢᠭᠦᠯᠵᠦ᠂ ᠲᠡᠵᠢᠭᠡᠯ ᠪᠣᠷᠳᠣᠭᠠᠨ ᠤ ᠠᠵᠤ ᠠᠬᠤᠶᠢᠯᠠᠯ ᠤᠨ ᠪᠦᠬᠦ ᠶᠠᠪᠤᠴᠠ ᠶᠢᠨ ᠶᠠᠰᠤ ᠴᠢᠨᠠᠷ ᠢᠶᠠᠨ ᠴᠢᠩᠭᠠᠳᠬᠠᠵᠤ᠂ ︽ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠦᠭᠡᠢ ᠵᠢᠨ‌ᠬᠠᠮᠢᠶᠠᠷᠤᠯᠲᠠ ᠶᠢᠨ  ᠵᠢᠷᠤᠮᠵᠢᠯ︾᠎ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠢᠶᠠᠨ ᠲᠠᠰᠤᠷᠠᠯᠲᠠ ᠦᠭᠡᠢ ᠳᠡᠰ ᠳᠠᠪᠰᠢᠭᠦᠯᠦᠨ᠂ ᠮᠠᠨ ᠤ ᠣᠷᠣᠨ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ  ᠵᠢᠭᠰᠠᠬᠠᠭᠳᠠᠬᠤ ᠪᠠᠷ ᠢᠳᠡᠪᠬᠢᠯᠡᠨ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号