7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 32 ᠭᠤᠣᠯᠳᠠᠯᠭ᠎ᠠ ᠲᠠᠢ ᠲᠥᠷᠥᠯ ᠵᠦᠢᠯ ᠤᠨ 2 ᠵᠦᠢᠯ ᠢ ᠨᠢ | ᠠᠵᠢᠯ ᠳᠠᠭᠤᠰᠬᠠᠵᠤ᠂ ᠪᠦᠲᠦᠭᠡᠨ ᠪᠠᠶᠢᠭᠤᠯᠵᠤ ᠪᠠᠶᠢᠭ᠎ᠠ ᠨᠢ 19 ᠵᠦᠢᠯ ᠪᠠᠶᠢᠵᠤ᠂ ᠪᠡᠯᠡ ᠣᠷᠣᠭᠤᠯᠤᠯᠲᠠ ᠶᠢ 5.4 | ᠳ᠋ᠦᠩᠰᠢᠭᠤᠷ ᠲᠥᠭᠦᠷᠢᠭ ᠪᠡᠶᠡᠯᠡᠭᠦᠯᠪᠡ︔ 213 ᠰᠠᠤᠷᠢ ᠨᠡᠭᠦᠷᠡᠰᠦ ᠰᠢᠲᠠᠭᠠᠬᠤ ᠵᠤᠤᠬ᠎ᠠ᠂ 52 ᠰᠠᠤᠷᠢ ᠨᠦᠬᠡᠨ | ᠵᠤᠤᠬ᠎ᠠ ᠶᠢ ᠴᠡᠭᠴᠡᠯᠡᠨ ᠵᠠᠰᠠᠬᠤ ᠶᠢ ᠪᠡᠶᠡᠯᠡᠭᠦᠯᠪᠡ︔ ᠨᠢᠭᠡᠳᠦᠭᠡᠷ ᠴᠠᠬᠢᠯᠭᠠᠨ ᠤ ᠦᠢᠯᠡᠳᠪᠦᠷᠢ᠂ ᠬᠤᠶᠠᠳᠤᠭᠠᠷ | ᠴᠠᠬᠢᠯᠭᠠᠨ ᠤ ᠦᠢᠯᠡᠳᠪᠦᠷᠢ᠂ ᠭᠤᠷᠪᠠᠳᠤᠭᠠᠷ ᠴᠠᠬᠢᠯᠭᠠᠨᠣ ᠦᠢᠯᠡᠳᠪᠦᠷᠢ᠂ ᠡᠾᠧ ᠰᠢ ᠴᠠᠬᠢᠯᠭᠠᠨ ᠭᠠᠷᠭᠠᠬᠤ | ᠦᠢᠯᠡᠳᠪᠦᠷᠢ ᠶᠢᠨ ᠨᠡᠭᠦᠷᠡᠰᠦᠨ ᠲᠠᠯᠠᠪᠠᠢ ᠶᠢ ᠪᠢᠲᠡᠭᠦᠮᠵᠢᠯᠡᠵᠦ ᠴᠡᠭᠴᠡᠯᠡᠨ ᠵᠠᠰᠠᠬᠤ ᠪᠠᠷᠢᠯᠭ᠎ᠠ ᠴᠥᠮ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ ᠪᠣᠢ︔ ᠬᠤᠲᠠ ᠶᠢᠨ ᠶᠠᠰᠤ ᠴᠢᠨᠠᠷ ᠲᠤ ᠮᠡᠷᠭᠡᠵᠢᠯ ᠢᠶᠠᠷ ᠬᠢᠨᠠᠯᠲᠠ ᠲᠠᠯᠪᠢᠬᠤ | ᠲᠣᠪᠴᠢᠶ᠎ᠠ ᠶᠢᠨ ᠬᠢᠨ ᠠᠵᠤ ᠦᠢᠯᠡᠳᠪᠦᠷᠢ ᠪᠣᠯᠣᠨ ᠠᠷᠠᠳ ᠤᠨ ᠬᠡᠷᠡᠭᠯᠡᠭᠡᠨ ᠤ ᠲᠦᠯᠡᠰᠢᠨ ᠨᠡᠭᠦᠷᠡᠰᠦ ᠶᠢᠨ ᠣᠷᠣᠨ | ᠨᠤᠲᠤᠭ ᠤᠨ ᠪᠠᠷᠢᠮᠵᠢᠶ᠎ᠠ ᠶᠢᠨ ᠡᠬᠡ ᠨᠣᠣᠷᠠᠭ ᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ 60 ᠠᠵᠤ | ᠠᠬᠤᠶᠢᠯᠠᠯ ᠤᠨ 121 ᠪᠦᠯᠦᠭ ᠤᠳᠠᠭ᠎ᠠ ᠶᠢᠨ ᠨᠠᠭᠦᠷᠡᠰᠦᠨ ᠤ ᠶᠠᠰᠤ ᠴᠢᠨᠠᠷ ᠢ ᠰᠤᠭᠤᠴᠠᠨ ᠪᠠᠶᠢᠴᠠᠭᠠᠬᠤ ᠶᠢ | ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ ᠨᠢ 80.2% ᠪᠣᠯᠣᠨ᠎ᠠ︔ 1700 ᠭᠠᠷᠤᠶ ᠬᠤᠭᠤᠯᠠ ᠤᠮᠳᠠᠭᠠᠨ ᠤ | ᠨᠢᠭᠡᠴᠡ ᠶᠢ ᠵᠢᠷᠤᠮᠵᠢᠭᠤᠯᠵᠤ᠂ ᠬᠤᠲᠠ ᠶᠢᠨ ᠪᠠᠶᠢᠭᠤᠯᠤᠭᠰᠠᠨ ᠣᠷᠣᠨ ᠤ 252 ᠬᠤᠭᠤᠯᠠ ᠤᠮᠳᠠᠭᠠᠨ ᠤ | ᠨᠢᠭᠡᠴᠡ ᠶᠢᠨ ᠨᠡᠭᠦᠷᠡᠰᠦ ᠰᠢᠲᠠᠭᠠᠬᠤ ᠵᠤᠤᠬ᠎ᠠ ᠶᠢᠨ ᠠᠷᠢᠭᠤᠨ ᠴᠡᠪᠡᠷ ᠡᠨᠧᠷᠭᠢ ᠪᠠᠷ ᠣᠷᠣᠯᠠᠭᠤᠯᠬᠤ ᠶᠢ | ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠬᠤᠲᠠ ᠶᠢᠨ 850 ᠭᠠᠷᠤᠶ ᠳᠤᠮᠳᠠ ᠬᠡᠯᠪᠡᠷᠢ ᠠᠴᠠ ᠳᠡᠭᠡᠭᠰᠢᠬᠢ | ᠬᠤᠭᠤᠯᠠ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢᠨ ᠪᠦᠬᠦᠨ ᠳᠤᠨᠢ ᠥᠨᠳᠥᠷ ᠦᠷ᠎ᠡ ᠪᠦᠲᠦᠮᠵᠢᠲᠡᠶ ᠤᠲᠤᠭ᠎ᠠ | ᠴᠡᠪᠡᠷᠰᠢᠭᠦᠯᠬᠦ ᠲᠤᠨᠤᠭ ᠲᠥᠬᠦᠭᠡᠷᠦᠮᠵᠢ ᠤᠭᠰᠠᠷᠠᠪᠠ︔1260 ᠭᠠᠷᠤᠢ ᠰᠢᠷᠠᠯᠠᠭ᠎ᠠ ᠶᠢᠨ ᠭᠠᠵᠠᠷ ᠢ ᠵᠢᠷᠤᠮᠵᠢᠭᠤᠯᠵᠤ᠂ | ᠢᠯᠡ ᠭᠠᠯ ᠢᠶᠠᠷ ᠰᠢᠷᠠᠬᠤ 51 ᠵᠤᠤᠬ᠎ᠠ ᠶᠢ ᠪᠠᠷᠢᠴᠠᠭᠠᠨ ᠳᠤ ᠦᠯᠡᠳᠡᠭᠡᠪᠡ︔ ᠬᠤᠲᠠ ᠶᠢᠨ ᠲᠣᠭᠤᠷᠢᠭ ᠤᠨ ᠬᠤᠶᠠᠷ | ᠱᠠᠲᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠴᠡᠪᠡᠷᠯᠡᠬᠦ᠂ ᠠᠷᠢᠭᠤᠳᠬᠠᠬᠤ ᠳᠠᠪᠲᠠᠮᠵᠢ | ᠪᠣᠯᠣᠨ ᠨᠢᠭᠲᠠᠴᠠ ᠪᠠᠨ ᠪᠦᠬᠦ ᠲᠠᠯ᠎ᠠ ᠪᠠᠷ ᠨᠡᠮᠡᠭᠳᠡᠭᠦᠯᠵᠦ᠂ ᠭᠤᠣᠯ ᠵᠡᠭᠡᠯᠢ ᠭᠤᠳᠤᠮᠵᠢ ᠳᠤ 16 ᠴᠠᠭ ᠢᠶᠠᠷ᠂ | ᠡᠩ ᠤᠨ ᠵᠡᠭᠡᠯᠢ ᠭᠤᠳᠤᠮᠵᠢ ᠳᠤ 12 ᠴᠠᠭ ᠢᠶᠠᠷ ᠦᠷᠭᠦᠯᠵᠢᠯᠡᠨ ᠴᠡᠪᠡᠷᠯᠡᠬᠦ ᠠᠵᠢᠯ ᠢ ᠴᠢᠩᠭ᠎ᠠ ᠬᠡᠷᠡᠭᠵᠢᠭᠦᠯᠪᠡ︔ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 8869 ᠰᠠᠤᠷᠢ ︽ᠰᠢᠷ᠎ᠠ ᠲᠡᠮᠳᠡᠭᠲᠦ ᠲᠡᠷᠭᠡ︾ ᠵᠢᠴᠢ | ᠬᠠᠭᠤᠴᠢᠨ ᠲᠡᠷᠭᠡ ᠶᠢᠨ ᠰᠢᠭᠰᠢᠭᠳᠡᠭᠦᠯᠬᠦ ᠶᠢ ᠵᠣᠬᠢᠶᠠᠨ ᠪᠠᠶᠢᠭᠤᠯᠤᠨ ᠪᠡᠶᠡᠯᠡᠭᠦᠯᠪᠡ︔ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ 48 ᠲᠣᠰᠣ ᠨᠡᠮᠡᠬᠦ ᠥᠷᠲᠡᠭᠡ ᠪᠣᠯᠣᠨ 1 ᠲᠣᠰᠣ ᠬᠠᠳᠠᠭᠠᠯᠠᠬᠤ ᠬᠦᠮᠦᠷᠭᠡ ᠶᠢᠨ | ᠴᠢᠯᠠᠭᠤᠨ ᠲᠤᠰᠤᠨ ᠤ ᠬᠡᠢ ᠶᠢ ᠡᠭᠡᠭᠦᠯᠦᠨ ᠬᠤᠷᠢᠶᠠᠵᠤ ᠵᠠᠰᠠᠬᠤ ᠶᠢ ᠰᠢᠮᠳᠠᠭᠤᠯᠤᠨ ᠪᠡᠶᠡᠯᠡᠭᠦᠯᠪᠡ᠃ 1 ᠳ᠋ᠦ᠋ᠭᠡᠷ | ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ ᠪᠠᠷᠢᠮᠵᠢᠶ᠎ᠠ ᠳᠤ ᠬᠦᠷᠦᠭᠰᠡᠨ ᠡᠳᠦᠷ 148 ᠡᠳᠦᠷ ᠪᠠᠶᠢᠵᠤ᠂ | ᠪᠠᠷᠢᠮᠵᠢᠶ᠎ᠠ ᠳᠤ ᠬᠦᠷᠦᠭᠰᠡᠨ ᠨᠣᠷᠮ᠎ᠠ 69.8% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 47 | ᠡᠳᠦᠷ ᠨᠡᠮᠡᠭᠳᠡᠭᠰᠡᠨ ᠪᠠᠶᠢᠨ᠎ᠠ᠃ | |