9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠥᠬᠡᠬᠤᠲᠠ ᠲᠡᠮᠦᠷ ᠵᠠᠮ ᠤᠨ ᠲᠣᠪᠴᠢᠶ᠎ᠠ ᠭᠤᠷᠪᠠᠨ ᠡᠭᠡᠯᠵᠢ ᠵᠢᠨ‌ᠠᠶᠠᠨᠴᠢᠳ ᠤᠨ ᠴᠤᠪᠤᠭ᠎ᠠ ᠲᠡᠷᠭᠡ ᠶᠢᠨ ᠬᠡᠰᠡᠭ ᠥᠷᠲᠡᠭᠡ ᠳᠤ ᠵᠣᠭᠰᠣᠬᠤ ᠪᠠ ᠠᠶᠠᠯᠠᠬᠤ ᠴᠠᠭ ᠤᠨ ᠬᠤᠪᠢᠶᠠᠷᠢ ᠳᠤ ᠲᠣᠬᠢᠷᠠᠭᠤᠯᠤᠯᠲᠠ ᠬᠢᠬᠦ ᠪᠠᠷ ᠪᠤᠢ
ᠨᠡᠶᠢᠲᠡᠯᠡᠭᠰᠡᠨ ᠴᠠᠭ᠄
2015/8/14
     9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠬᠥᠬᠡᠬᠤᠲᠠ ᠲᠡᠮᠦᠷ ᠵᠠᠮ ᠤᠨ ᠲᠣᠪᠴᠢᠶ᠎ᠠ ᠳ᠋ᠠᠯᠢᠶᠠᠨ ᠠᠴᠠ ᠪᠤᠭᠤᠲᠤ ᠬᠦᠷᠬᠦ K55 / 8 / 5 ᠤᠳᠠᠭ᠎ᠠ᠂ ᠴᠢᠴᠢᠬᠠᠷ ᠠᠴᠠ ᠴᠧᠩᠳᠦ᠋ ᠬᠦᠷᠬᠦ K996 / 7 ᠤᠳᠠᠭ᠎ᠠ᠂ ᠪᠤᠭᠤᠲᠤ ᠠᠴᠠ ᠳ᠋ᠠᠯᠢᠶᠠᠨ ᠬᠦᠷᠬᠦ 1566 / 7 / 6 ᠤᠳᠠᠭ᠎ᠠ ᠭᠤᠷᠪᠠᠨ ᠡᠭᠡᠯᠵᠢ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠬᠡᠰᠡᠭ ᠥᠷᠲᠡᠭᠡ ᠳᠤ ᠵᠣᠭᠰᠣᠬᠤ ᠪᠠ ᠠᠶᠠᠯᠠᠬᠤ ᠴᠠᠭ ᠤᠨ ᠬᠤᠪᠢᠶᠠᠷᠢ ᠳᠤ ᠲᠣᠬᠢᠷᠠᠭᠤᠯᠤᠯᠲᠠ ᠬᠢᠬᠦ ᠪᠠᠷ ᠪᠤᠢ᠃ ᠪᠣᠳᠠᠲᠠᠶ ᠪᠠᠶᠢᠳᠠᠯ ᠨᠢ᠂ 9 ᠳ᠋ᠦ᠋ᠭᠡᠷ ᠰᠠᠷ᠎ᠠ ᠶᠢᠨ 1᠎ ᠤ ᠡᠳᠦᠷ ᠤᠨ ᠲᠡᠷᠭᠡ ᠬᠥᠳᠡᠯᠬᠦ ᠥᠷᠲᠡᠭᠡ ᠠᠴᠠ ᠡᠬᠢᠯᠡᠨ᠂ ᠳ᠋ᠠᠯᠢᠶᠠᠨ ᠠᠴᠠ ᠪᠤᠭᠤᠲᠤ ᠬᠦᠷᠬᠦ K55 / 8 / 5 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠵᠢᠨᠵᠧᠦ ᠥᠷᠲᠡᠭᠡ ᠳᠤ ᠬᠦᠷᠬᠦ ᠴᠠᠭ ᠢ 20:23᠂ ᠲᠡᠷᠭᠡ ᠬᠥᠳᠡᠯᠬᠦ ᠴᠠᠭ ᠢ 20:27 ᠪᠣᠯᠭᠠᠵᠤ᠂ ᠬᠤᠯᠤ ᠠᠷᠠᠯ ᠥᠷᠲᠡᠭᠡ ᠳᠤ ᠬᠦᠷᠬᠦ ᠴᠠᠭ ᠢ 21:00᠂ ᠲᠡᠷᠭᠡ ᠬᠥᠳᠡᠯᠬᠦ ᠴᠠᠭ ᠢ 21:02 ᠪᠣᠯᠭᠠᠵᠤ᠂ ᠰᠦᠶ ᠵᠦᠩ ᠥᠷᠲᠡᠭᠡ ᠳᠤ ᠬᠦᠷᠬᠦ ᠴᠠᠭ ᠢ 21:47᠂ ᠲᠡᠷᠭᠡ ᠬᠥᠳᠡᠯᠬᠦ ᠴᠠᠭ ᠢ 21:50 ᠪᠣᠯᠭᠠᠵᠤ᠂ ᠪᠤᠰᠤᠳ ᠢ ᠨᠢ ᠬᠤᠪᠢᠷᠠᠭᠤᠯᠬᠤ ᠦᠭᠡᠶ︔ ᠴᠢᠴᠢᠬᠠᠷ ᠠᠴᠠ ᠴᠧᠩᠳᠦ᠋ ᠬᠦᠷᠬᠦ K996 / 7 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠴᠢᠴᠢᠬᠠᠷ ᠥᠷᠲᠡᠭᠡ ᠠᠴᠠ ᠬᠥᠳᠡᠯᠬᠦ ᠴᠠᠭ ᠢ 13:00 ᠪᠣᠯᠭᠠᠵᠤ᠂ ᠫᠢᠩ ᠶᠠᠩ ᠥᠷᠲᠡᠭᠡ ᠳᠤ ᠬᠦᠷᠬᠦ ᠴᠠᠭ ᠢ 14:19  ᠂ ᠲᠡᠷᠭᠡ ᠬᠥᠳᠡᠯᠬᠦ ᠴᠠᠭ ᠢ 14:26 ᠪᠣᠯᠭᠠᠵᠤ᠂ ᠪᠤᠰᠤᠳ ᠢ ᠨᠢ ᠬᠤᠪᠢᠷᠠᠭᠤᠯᠬᠤ ᠦᠭᠡᠶ︔ ᠪᠤᠭᠤᠲᠤ ᠠᠴᠠ ᠳ᠋ᠠᠯᠢᠶᠠᠨ ᠬᠦᠷᠬᠦ 1566 / 7 / 6 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠮᠦᠭᠳᠡᠨ ᠥᠷᠲᠡᠭᠡ ᠳᠤ ᠬᠦᠷᠬᠦ ᠴᠠᠭ ᠢ 14:11᠂ ᠲᠡᠷᠭᠡ ᠬᠥᠳᠡᠯᠬᠦ ᠴᠠᠭ ᠢ 14:32 ᠪᠣᠯᠭᠠᠵᠤ  ᠂ ᠪᠤᠰᠤᠳ ᠢ ᠨᠢ ᠬᠤᠪᠢᠷᠠᠭᠤᠯᠬᠤ ᠦᠭᠡᠶ᠃      ᠬᠥᠬᠡᠬᠤᠲᠠ ᠲᠡᠮᠦᠷ ᠵᠠᠮ ᠤᠨ ᠲᠣᠪᠴᠢᠶ᠎ᠠ ᠥᠷᠭᠡᠨ ᠣᠯᠠᠨ ᠠᠶᠠᠨᠴᠢᠳ ᠲᠤ ᠰᠠᠨᠠᠭᠤᠯᠬᠤ ᠨᠢ᠂ ᠬᠠᠮᠢᠶ᠎ᠠ ᠪᠦᠬᠦᠢ ᠴᠤᠪᠤᠭ᠎ᠠ ᠲᠡᠷᠭᠡ ᠶᠢᠨ ᠲᠣᠬᠢᠷᠠᠭᠤᠯᠤᠭᠰᠠᠨ ᠴᠠᠭ ᠪᠠ ᠵᠣᠭᠰᠣᠬᠤ ᠥᠷᠲᠡᠭᠡ ᠶᠢ ᠴᠠᠭ ᠲᠤᠬᠠᠶ ᠳᠤᠨᠢ ᠠᠩᠬᠠᠷᠴᠤ᠂ ᠰᠢᠨ᠎ᠡ ᠠᠶᠠᠯᠠᠬᠤ ᠴᠠᠭ ᠤᠨ ᠬᠤᠪᠢᠶᠠᠷᠢ ᠶᠢ ᠳᠤᠮᠳᠠᠳᠤ ᠤᠯᠤᠰ ᠤᠨ ᠲᠡᠮᠦᠷ ᠵᠠᠮ ᠤᠨ ᠠᠶᠠᠨᠴᠢᠳ ᠲᠤ ᠦᠢᠯᠡᠴᠢᠯᠡᠬᠦ ᠲᠥᠪ ᠤᠨ ᠰᠦᠯᠵᠢᠶ᠎ᠡ ︵www . 12306. cn︶᠎ ᠠᠴᠠ ᠪᠠᠶᠢᠴᠠᠭᠠᠨ ᠯᠠᠪᠯᠠᠵᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号