ᠥᠪᠡᠷᠲᠡᠭᠡᠨ ᠵᠠᠰᠠᠬᠤ ᠣᠷᠣᠨ 2015 ᠣᠨ ᠤ ᠳᠣᠣᠷ᠎ᠠ ᠬᠠᠭᠠᠰ ᠵᠢᠯ ᠤᠨ ᠪᠣᠬᠢᠷᠲᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠠᠵᠢᠯ ᠤᠨ ᠬᠤᠷᠠᠯᠳᠤᠭᠠᠨ ᠤᠯᠠᠭᠠᠨᠬᠠᠳᠠ ᠬᠤᠲᠠ ᠳᠤ  ᠬᠤᠷᠠᠯᠳᠤᠪᠠ
ᠨᠡᠶᠢᠲᠡᠯᠡᠭᠰᠡᠨ ᠴᠠᠭ᠄
2015/8/17
     8 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ 2015 ᠣᠨ ᠤ ᠳᠣᠣᠷ᠎ᠠ ᠬᠠᠭᠠᠰ ᠵᠢᠯ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠎ ᠶᠢ ᠪᠠᠭᠠᠰᠬᠠᠬᠤ ᠠᠵᠢᠯ ᠤᠨ ᠬᠤᠷᠠᠯᠳᠤᠭᠠᠨ ᠤᠯᠠᠭᠠᠨᠬᠠᠳᠠ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠸᠠᠨ ᠲᠤᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃      ᠶᠠᠩ ᠸᠠᠨ ᠲᠤᠤ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠤᠯᠠᠭᠠᠨᠬᠠᠳᠠ ᠬᠤᠲᠠ ᠠᠮᠢ ᠠᠬᠤᠶ ᠪᠠᠷ ᠬᠤᠲᠠ ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠲᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠣᠵᠢᠯᠳᠡ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠠᠬᠢᠴᠠ ᠶᠢ ᠲᠥᠷᠭᠡᠳᠬᠡᠨ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠲᠦᠷᠭᠡᠨ ᠬᠥᠭᠵᠢᠪᠡ᠃ ᠤᠯᠠᠭᠠᠨᠬᠠᠳᠠ ᠪᠣᠯ ᠪᠡᠭᠡᠵᠢᠩ ᠲᠢᠶᠠᠨᠵᠢᠨ ᠯᠢᠶᠣᠤᠨᠢᠩ ᠮᠦᠭᠳᠡᠨ ᠭᠠᠵᠠᠷ ᠣᠷᠣᠨ ᠤ ᠴᠢᠬᠤᠯᠠ ᠠᠮᠢ ᠠᠬᠤᠶ ᠶᠢᠨ ᠬᠠᠯᠬᠠᠪᠴᠢ ᠪᠣᠯᠬᠤ ᠪᠦᠭᠡᠳ ᠠᠮᠢ ᠠᠬᠤᠶ ᠶᠢᠨ ᠣᠷᠣᠨ ᠪᠠᠶᠢᠷᠢ ᠪᠠᠷ ᠮᠠᠰᠢ ᠴᠢᠬᠤᠯᠠ ᠪᠠᠶᠢᠳᠠᠭ᠃ ᠣᠯᠠᠨ ᠵᠢᠯ ᠤᠨ ᠲᠤᠷᠰᠢ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠬᠡᠮᠵᠢᠶ᠎ᠡ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠭᠤᠣᠯ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠲᠢᠩᠬᠢᠮ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠷᠢᠳ ᠬᠤᠵᠢᠳ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠣᠯᠭᠤᠭᠰᠠᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ  ᠶᠢ ᠪᠠᠭᠠᠰᠬᠠᠬᠤ ᠳᠤ ᠲᠣᠪᠤᠶᠢᠮ᠎ᠠ ᠠᠮᠵᠢᠯᠲᠠ ᠪᠦᠲᠦᠮᠵᠢ ᠣᠯᠤᠭᠰᠠᠨ ᠱᠠᠩᠨᠠᠯ᠂ ᠪᠦᠬᠦ ᠤᠯᠤᠰ ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠨᠢᠭᠡᠴᠡ ᠵᠡᠷᠭᠡ ᠣᠯᠠᠨ ᠱᠠᠩᠨᠠᠯ ᠬᠥᠬᠢᠭᠦᠯᠦᠯ ᠢ ᠬᠦᠷᠲᠡᠪᠡ ᠭᠡᠪᠡ᠃ ᠶᠠᠩ ᠸᠠᠨ ᠲᠤᠤ ᠬᠡᠯᠡᠭᠰᠡᠨ ᠨᠢ᠂ ᠡᠨᠡ ᠤᠳᠠᠭᠠᠨ ᠤ ᠬᠤᠷᠠᠯᠳᠤᠭᠠᠨ ᠮᠠᠨ ᠤ ᠬᠤᠲᠠ ᠳᠤ ᠬᠤᠷᠠᠯᠳᠤᠭᠰᠠᠨ ᠨᠢ ᠤᠯᠠᠭᠠᠨᠬᠠᠳᠠ ᠬᠤᠲᠠ ᠶᠢᠨ ᠣᠷᠴᠢᠨ  ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠬᠢ ᠵᠣᠷᠢᠭᠵᠢᠭᠤᠯᠤᠯ ᠪᠠ ᠰᠢᠮᠳᠠᠭᠤᠯᠤᠯ ᠪᠣᠯᠣᠨ᠎ᠠ᠂ ᠪᠢᠳᠡ ᠡᠨᠡ ᠤᠳᠠᠭᠠᠨ ᠤ ᠬᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠬ᠎ᠠ ᠳᠡᠭᠦᠦ ᠠᠶᠢᠮᠠᠭ ᠬᠤᠲᠠ ᠶᠢᠨ ᠲᠤᠷᠰᠢᠯᠭ᠎ᠠ ᠪᠣᠯᠣᠨ ᠠᠷᠭ᠎ᠠ ᠬᠡᠮᠵᠢᠶ᠎ᠡ ᠶᠢ ᠰᠤᠷᠤᠯᠴᠠᠨ ᠲᠣᠯᠢᠳᠠᠵᠤ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠠᠵᠢᠯ ᠤᠨ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠰᠤᠷᠠᠯᠲᠠ ᠦᠭᠡᠶ ᠲᠣᠭᠲᠠᠴᠠ  ᠶᠢᠨ  ᠰᠢᠨ᠎ᠡ ᠶᠢ ᠡᠭᠦᠳᠴᠦ᠂ ᠰᠡᠳᠬᠢᠴᠡ ᠪᠠᠨ ᠥᠷᠭᠡᠳᠬᠡᠵᠦ᠂ ᠯᠠᠪᠳᠠᠭᠤᠨ ᠪᠠᠲᠤᠲᠠᠶ ᠠᠵᠢᠯᠯᠠᠵᠤ᠂ ︽12· 5︾᠎ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠡᠯ᠎ᠡ ᠲᠥᠷᠥᠯ ᠤᠨ ᠡᠭᠦᠷᠭᠡ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠳᠤ ᠡᠨᠡ ᠵᠢᠯ ᠤᠨ ᠳᠡᠭᠡᠷ᠎ᠡ ᠬᠠᠭᠠᠰ ᠵᠢᠯ ᠤᠨ ᠤᠯᠤᠰ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠬᠢᠨᠠᠨ ᠪᠠᠶᠢᠴᠠᠭᠠᠵᠤ ᠬᠠᠷᠭᠤᠭᠤᠯᠤᠨ ᠪᠣᠳᠣᠭᠰᠠᠨ ᠪᠠᠶᠢᠳᠠᠯ ᠵᠢᠴᠢ ᠡᠯ᠎ᠡ ᠠᠶᠢᠮᠠᠭ ᠬᠤᠲᠠ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠡᠪᠲᠡᠷᠡᠭᠦᠯᠪᠡ᠃ ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠪᠣᠯᠣᠨ ᠤᠯᠠᠭᠠᠨᠬᠠᠳᠠ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠬᠤᠷᠠᠯ ᠳᠡᠭᠡᠷ᠎ᠡ ᠲᠤᠷᠰᠢᠯᠭ᠎ᠠ ᠪᠠᠨ ᠰᠤᠯᠢᠯᠴᠠᠭᠤᠯᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号