ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠨᠠᠨ  ᠪᠠᠶᠢᠴᠠᠭᠠᠬᠤ ᠪᠠᠶᠢᠭᠤᠯᠤᠮᠵᠢ ᠶᠢ ᠡᠯᠰᠡᠨ ᠰᠢᠯᠭᠠᠷᠠᠭᠤᠯᠵᠤ ᠪᠦᠷᠢᠳᠭᠡᠨ ᠳᠠᠩᠰᠠᠯᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2015/8/17
        ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ         ᠡᠯᠰᠡᠨ ᠰᠢᠯᠭᠠᠷᠠᠭᠤᠯᠵᠤ ᠪᠦᠷᠢᠳᠭᠡᠨ ᠳᠠᠩᠰᠠᠯᠠᠭᠤᠯᠬᠤ ᠲᠤᠬᠠᠶ ᠥᠪᠥᠷ ᠮᠣᠩᠭᠤᠯ ᠤᠨ         ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠮᠠᠨ ᠤ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠠᠵᠢᠯ ᠬᠢᠭᠡᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠲᠤᠷᠰᠢᠯᠲᠠ ᠶᠢᠨ ᠠᠵᠢᠯ ᠦᠷᠨᠢᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠮᠠᠨ ᠤ ᠵᠦᠪᠯᠡᠯ ᠡᠳᠦᠭᠡ ᠨᠡᠶᠢᠭᠡᠮ ᠠᠴᠠ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠢᠯᠡ ᠪᠠᠷ ᠡᠯᠰᠡᠨ ᠰᠢᠯᠭᠠᠷᠠᠭᠤᠯᠬᠤ ᠪᠠᠷ ᠪᠠᠶᠢᠭ᠎ᠠ᠂ ᠰᠠᠨᠠᠭ᠎ᠠ ᠲᠠᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠮᠠᠨ ᠤ ᠵᠥᠪᠯᠡᠯ ᠳᠤ ᠢᠷᠡᠵᠤ ᠪᠦᠷᠢᠳᠭᠡᠯᠭᠡᠨ ᠳᠠᠩᠰᠠᠯᠠᠭᠤᠯᠵᠤ ᠪᠤᠯᠤᠨ᠎ᠠ᠃ ᠡᠳᠦᠭᠡ ᠪᠦᠷᠢᠳᠭᠡᠯᠭᠡᠨ ᠳᠠᠩᠰᠠᠯᠠᠭᠤᠯᠬᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠡᠯᠰᠡᠨ ᠰᠢᠯᠭᠠᠷᠠᠭᠤᠯᠬᠤ ᠵᠠᠷᠴᠢᠮ ᠬᠢᠭᠡᠳ ᠠᠷᠭ᠎ᠠ ᠮᠠᠶ᠋ᠢᠭ      ᠲᠤᠰ ᠤᠳᠠᠭᠠᠨ ᠤ ᠡᠯᠰᠡᠨ ᠰᠢᠯᠭᠠᠷᠠᠭᠤᠯᠵᠤ ᠪᠦᠷᠢᠳᠭᠡᠨ ᠳᠠᠩᠰᠠᠯᠠᠭᠤᠯᠬᠤ ᠠᠵᠢᠯ ᠨᠢ ᠢᠯᠡ᠂ ᠭᠤᠤᠯᠴᠢ᠂ ᠲᠥᠪ ᠭᠤᠣᠯᠴᠢ ᠪᠠᠶᠢᠬᠤ ᠵᠠᠷᠴᠢᠮ ᠤᠨ ᠶᠤᠰᠤᠭᠠᠷ᠂ ᠡᠯ᠎ᠡ ᠪᠠᠶᠢᠭᠤᠯᠤᠮᠵᠢ ᠰᠠᠶᠢᠨ ᠳᠤᠷ᠎ᠠ ᠠᠴᠠ ᠪᠠᠨ ᠭᠤᠶᠤᠴᠢᠯᠠᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠨᠥᠬᠦᠴᠡᠯ ᠳᠤ ᠨᠡᠶᠢᠴᠡᠭᠰᠡᠨ ᠪᠠᠶᠢᠭᠤᠯᠤᠮᠵᠢ ᠶᠢ ᠨᠡᠶᠢᠲᠡ ᠳᠤ ᠵᠠᠷᠯᠠᠨ᠎ᠠ᠃      ᠬᠤᠶᠠᠷ᠂ ᠪᠦᠷᠢᠳᠭᠡᠨ ᠳᠠᠩᠰᠠᠯᠠᠬᠤ ᠨᠥᠬᠦᠴᠡᠯ      ︵ᠨᠢᠭᠡ︶ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠨᠥᠬᠦᠴᠡᠯ      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ᠳᠠᠩᠰᠠᠯᠠᠭᠤᠯᠤᠭᠰᠠᠨ ᠪᠥᠭᠡᠳ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠭᠡᠲᠡᠨ ᠤ ᠬᠢᠷᠢ ᠬᠡᠮ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠶᠢᠵᠤ᠂ ᠳᠠᠩᠰᠠᠯᠠᠭᠤᠯᠤᠭᠰᠠᠨ ᠪᠡᠯᠡ ᠮᠥᠩᠭᠦ ᠨᠢ ᠠᠷᠠᠳ ᠤᠨ ᠵᠣᠭᠤᠰ ᠢᠶᠠᠷ 300 ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠵᠤ᠂ ᠤᠶᠢᠷ᠎ᠠ ᠶᠢᠨ ᠬᠤᠶᠠᠷ ᠵᠢᠯ ᠤᠨ ᠬᠠᠤᠯᠢ ᠶᠢᠨ ᠡᠷᠭᠡᠲᠡᠨ ᠤ ᠪᠠᠶᠢᠴᠠᠭᠠᠯᠲᠠ ᠳᠤ ᠴᠥᠮ ᠬᠢᠷᠢ ᠲᠡᠩᠴᠡᠭᠰᠡᠨ ᠪᠠᠶᠢᠬᠤ᠃      2. ᠲᠣᠭᠲᠠᠮᠠᠯ ᠠᠵᠢᠯᠯᠠᠬᠤ ᠭᠠᠵᠠᠷ ᠬᠢᠭᠡᠳ ᠬᠢᠨᠠᠨ ᠪᠠᠶᠢᠴᠠᠭᠠᠬᠤ ᠠᠵᠢᠯ ᠥᠷᠨᠢᠭᠦᠯᠬᠦ ᠨᠥᠬᠦᠴᠡᠯ ᠲᠠᠢ ᠪᠠᠶᠢᠵᠤ᠂  ᠠᠵᠢᠯ ᠡᠷᠬᠢᠯᠡᠭᠰᠡᠨ ᠰᠠᠶᠢᠨ ᠰᠠᠶᠢᠬᠠᠨ ᠢᠲᠡᠭᠡᠯ ᠬᠦᠨᠳᠦ ᠪᠠ ᠪᠦᠷᠢᠨᠰᠢᠭᠰᠡᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠲᠠᠢ ᠪᠠᠶᠢᠬᠤ᠃      3. ᠠᠷᠢᠭᠤᠨ ᠴᠡᠪᠡᠷ ᠬᠦᠭᠵᠢᠬᠦᠯᠬᠦ ᠲᠣᠭᠲᠠᠴᠠ ︵CDM︶᠎ ᠶᠢᠨ ᠬᠡᠷᠡᠭ ᠡᠷᠬᠢᠯᠡᠭᠴᠢᠳ ᠤᠨ ᠬᠤᠷᠠᠯ ᠢᠶᠠᠷ ᠵᠦᠪᠰᠢᠶᠡᠷᠡᠭᠦᠯᠦᠭᠰᠡᠨ ᠵᠢᠭᠠᠨ ᠲᠣᠭᠲᠠᠭᠠᠭᠰᠠᠨ ᠡᠵᠡᠩᠨᠡᠯᠲᠡ ᠶᠢᠨ ᠪᠣᠳᠠᠲᠤ ᠴᠣᠭᠴᠠ᠂ ᠡᠰᠡᠭᠦᠯ᠎ᠡ ᠤᠯᠤᠰ ᠤᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠢᠶᠠᠷ ᠪᠦᠷᠢᠳᠭᠡᠯᠭᠡᠨ ᠳᠠᠩᠰᠠᠯᠠᠭᠤᠯᠤᠭᠰᠠᠨ ᠬᠦᠯᠡᠮᠵᠢ ᠶᠢᠨ ᠬᠡᠢ ᠪᠡᠶᠡᠲᠦ ᠶᠢ ᠰᠠᠶᠢᠨ ᠳᠤᠷ᠎ᠠ ᠠᠴᠠ ᠪᠠᠨ ᠪᠠᠭᠠᠰᠬᠠᠨ ᠭᠠᠳᠠᠭᠰᠢᠯᠠᠭᠤᠯᠬᠤ ᠲᠦᠷᠦᠯ ᠵᠦᠢᠯ ᠤᠨ ᠬᠢᠨᠠᠨ ᠲᠤᠭᠲᠠᠭᠠᠭᠰᠠᠨ ᠪᠠ ᠬᠢᠨᠠᠨ ᠬᠡᠷᠡᠴᠢᠯᠡᠭᠰᠡᠨ ᠪᠠᠶᠢᠭᠤᠯᠤᠮᠵᠢ ᠪᠠᠶᠢᠬᠤ︔ ᠡᠰᠡᠭᠦᠯ᠎ᠡ ᠤᠯᠤᠰ ᠤᠨ ᠬᠢᠨᠠᠨ ᠵᠦᠪᠰᠢᠶᠡᠷᠡᠭᠰᠡᠨ ᠬᠢᠨᠠᠯᠲᠠ ᠬᠠᠮᠢᠶᠠᠷᠤᠯᠲᠠ ᠶᠢᠨ ᠺᠣᠮᠢᠰ ᠢᠶᠠᠷ ᠳᠠᠩᠰᠠᠯᠠᠭᠤᠯᠤᠭᠰᠠᠨ ᠬᠦᠯᠡᠮᠵᠢ ᠶᠢᠨ ᠬᠡᠢ ᠪᠡᠶᠡᠲᠦ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠶᠢᠬᠤ︔ ᠲᠡᠷᠡᠴᠢᠯᠡᠨ ᠤᠶᠢᠷ᠎ᠠ ᠶᠢᠨ ᠲᠠᠪᠤᠨ ᠵᠢᠯ ᠳᠤ ᠤᠯᠤᠰ ᠤᠨ ᠳᠣᠲᠣᠭᠠᠳᠤ ᠳᠠᠭᠠᠨ ᠪᠡᠶᠡᠯᠡᠭᠦᠯᠦᠭᠰᠡᠨ CDM ᠲᠦᠷᠦᠯ ᠵᠦᠢᠯ ᠪᠤᠶᠤ ᠰᠠᠶᠢᠨ ᠳᠤᠷ᠎ᠠ ᠠᠴᠠ ᠪᠠᠨ ᠪᠠᠭᠠᠰᠬᠠᠨ ᠭᠠᠳᠠᠭᠰᠢᠯᠠᠭᠤᠯᠬᠤ ᠲᠦᠷᠦᠯ ᠵᠦᠢᠯ ᠤᠨ ᠬᠢᠨᠠᠨ ᠲᠣᠭᠲᠠᠭᠠᠬᠤ ᠪᠠ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠲᠡᠤᠭᠡᠨ ᠳᠠᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠬᠤ᠂ IS014064 ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠲᠤᠭᠠᠴᠠᠭ᠎ᠠ ᠬᠢᠬᠦ ᠵᠡᠷᠭᠡ ᠬᠦᠷᠢᠶᠡᠨ ᠤ ᠲᠦᠷᠦᠯ ᠵᠦᠢᠯ ᠨᠢ ᠨᠡᠶᠢᠲᠡ 10᠎ ᠠᠴᠠ ᠳᠤᠲᠠᠭᠤ ᠦᠭᠡᠢ ᠪᠠᠶᠢᠬᠤ᠃      4. ᠳᠡᠭᠡᠷ᠎ᠡ ᠳᠤᠷᠠᠳᠤᠭᠰᠠᠨ ︵ᠭᠤᠷᠪᠠᠨ︶ ᠵᠤᠷᠪᠤᠰ ᠲᠤ ᠲᠤᠭᠲᠠᠭᠠᠭᠰᠠᠨ ᠬᠢᠨᠠᠨ ᠪᠠᠶᠢᠴᠠᠭᠠᠭᠰᠠᠨ ᠪᠤᠶᠤ ᠬᠢᠨᠠᠨ  ᠬᠠᠷᠭᠤᠭᠤᠯᠤᠭᠰᠠᠨ ᠦᠡᠭᠭᠡᠷᠡᠯᠲᠡ ᠦᠭᠡᠢ ᠤᠨᠴᠠᠭᠠᠢ ᠠᠵᠢᠯ ᠲᠥᠷᠥᠯ ᠤᠨ ᠪᠠᠶᠢᠭᠤᠯᠤᠮᠵᠢ ᠪᠤᠯ ᠮᠤᠵᠢ ᠶᠢᠨ ᠱᠠᠲᠤᠨ ᠤ ᠬᠦᠯᠡᠮᠵᠢ ᠶᠢᠨ ᠬᠡᠢ ᠪᠡᠶᠡᠲᠦ ᠶᠢᠨ ᠨᠠᠷᠢᠨ ᠳᠠᠩᠰᠠ ᠶᠢ ᠨᠠᠶᠢᠷᠠᠭᠤᠯᠤᠨ ᠵᠤᠬᠢᠶᠠᠬᠤ ᠳᠤ ᠤᠷᠤᠯᠴᠠᠭᠰᠠᠨ ᠪᠠᠶᠢᠬᠤ ᠶᠢᠨ ᠬᠠᠮᠲᠤ ᠤᠯᠤᠰ ᠤᠨ ᠱᠠᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠦᠯᠡᠮᠵᠢ ᠶᠢᠨ ᠬᠡᠢ ᠪᠡᠶᠡᠲᠦ ᠶᠢ ᠭᠠᠳᠠᠭᠰᠢᠯᠠᠭᠤᠯᠬᠤ ᠬᠦᠷᠢᠶ᠎ᠡ ᠬᠡᠪᠴᠢᠶᠡᠨ ᠤ ᠰᠤᠳᠤᠯᠭᠠᠨ ᠤ ᠰᠡᠳᠦᠪ ᠢ 2᠎ ᠠᠴᠠ ᠳᠤᠲᠠᠭᠤ ᠦᠭᠡᠢ ᠡᠭᠦᠷᠭᠡᠯᠡᠭᠰᠡᠨ ᠪᠠᠶᠢᠬᠤ ᠬᠡᠷᠡᠭᠲᠠᠢ︔ ᠡᠰᠡᠭᠦᠯ᠎ᠡ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ  ᠲᠤᠭᠠᠴᠠᠭ᠎ᠠ ᠬᠢᠬᠦ ᠠᠵᠢᠯ᠂ ᠡᠨᠧᠷᠭᠢ ᠠᠷᠪᠢᠯᠠᠬᠤ ᠬᠡᠮᠵᠢᠶ᠎ᠡ ᠶᠢ ᠬᠢᠨᠠᠨ ᠬᠠᠷᠭᠤᠭᠤᠯᠬᠤ᠂ ᠡᠨᠧᠷᠭᠢ ᠶᠢᠨ ᠬᠢᠨᠠᠨ ᠪᠤᠳᠤᠯᠲᠠ ᠬᠢᠬᠦ᠂ ᠡᠨᠧᠷᠭᠢ ᠶᠢᠨ ᠦᠨᠡᠯᠡᠨ ᠵᠢᠱᠢᠯᠲᠡ ᠬᠢᠬᠦ ᠵᠡᠷᠭᠡ ᠲᠦᠷᠦᠯ ᠵᠦᠢᠯ ᠢ 15᠎ ᠠᠴᠠ ᠳᠤᠲᠠᠭᠤ ᠦᠭᠡᠢ ᠡᠭᠦᠷᠭᠡᠯᠡᠭᠰᠡᠨ ᠪᠠᠶᠢᠬᠤ ᠬᠡᠷᠡᠭᠲᠠᠢ᠃      5 . ᠬᠢᠨᠠᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠳᠣᠲᠣᠭᠠᠳᠤ ᠶᠠᠰᠤ ᠴᠢᠨᠠᠷ ᠤᠨ ᠬᠠᠮᠢᠶᠠᠷᠤᠯᠲᠠ ᠶᠢᠨ ᠪᠦᠷᠢᠨ ᠲᠡᠭᠦᠯᠳᠡᠷ ᠳᠦᠷᠢᠮ ᠲᠠᠢ ᠪᠠᠶᠢᠬᠤ ᠬᠡᠷᠡᠭᠲᠡᠶ᠂ ᠡᠭᠦᠨ ᠳᠤ᠄ ᠲᠣᠳᠣᠷᠬᠠᠶ ᠬᠠᠮᠢᠶᠠᠷᠤᠯᠲᠠ ᠶᠢᠨ ᠳᠠᠪᠬᠤᠷᠭ᠎ᠠ ᠪᠤᠯᠤᠨ ᠬᠢᠨᠠᠨ  ᠪᠠᠶᠢᠴᠠᠭᠠᠬᠤ ᠠᠵᠢᠯᠲᠠᠨ ᠤ ᠡᠭᠦᠷᠭᠡ᠂ ᠲᠤᠰᠢᠶᠠᠯ ᠬᠠᠷᠢᠭᠤᠴᠠᠯᠭ᠎ᠠ ᠪᠤᠯᠤᠨ ᠡᠷᠬᠡ ᠮᠡᠳᠡᠯ︔ ᠠᠳᠠᠭ ᠎ ᠲᠠᠭᠠᠨ ᠨᠢᠭᠡ ᠨᠡᠷ᠎ᠡ  ᠳᠡᠭᠡᠲᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠬᠢᠨᠠᠨ ᠪᠠᠶᠢᠴᠠᠭᠠᠬᠤ ᠠᠵᠢᠯ ᠤᠨ ᠬᠠᠷᠢᠭᠤᠴᠠᠯᠭᠠᠲᠠᠨ ᠪᠤᠯᠭᠠᠬᠤ ᠪᠠᠷ ᠲᠤᠲᠤᠷᠬᠠᠶᠢᠯᠠᠭᠰᠠᠨ︔ ᠲᠥᠪ ᠭᠤᠣᠯᠴᠢ ᠴᠢᠨᠠᠷ ᠢ ᠦᠨᠡᠨᠬᠦ ᠪᠠᠲᠤᠯᠠᠬᠤ ᠲᠣᠭᠲᠠᠭᠠᠯ ᠪᠤᠯᠤᠨ ᠨᠢᠭᠤᠴᠠ ᠬᠠᠮᠠᠭᠠᠯᠠᠬᠤ ᠬᠠᠮᠢᠶᠠᠷᠤᠯᠲᠠ᠂ ᠬᠢᠨᠠᠨ ᠪᠠᠶᠢᠴᠠᠭᠠᠬᠤ ᠠᠵᠢᠯᠲᠠᠨ ᠤ ᠬᠠᠮᠢᠶᠠᠷᠤᠯᠲᠠ᠂ ᠬᠢᠨᠠᠨ ᠪᠠᠶᠢᠴᠠᠭᠠᠬᠤ ᠠᠵᠢᠯᠯᠠᠭᠠᠨ ᠤ ᠬᠠᠮᠢᠶᠠᠷᠤᠯᠲᠠ᠂ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠵᠠᠭᠠᠯᠳᠤᠬᠤ ᠭᠤᠶᠤᠴᠢᠯᠠᠯ᠂ ᠵᠠᠯᠭᠠᠯᠳᠤᠭ᠎ᠠ ᠪᠠ ᠮᠠᠷᠭᠤᠭᠠᠨ ᠢ ᠰᠢᠢᠳᠪᠦᠷᠢᠯᠡᠬᠦ᠂ ᠨᠡᠶᠢᠴᠡᠬᠦ ᠦᠭᠡᠶ ᠵᠦᠢᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠳᠦᠷᠢᠮ ᠲᠤᠭᠲᠠᠭᠠᠭᠰᠠᠨ ᠵᠡᠷᠭᠡ ᠪᠠᠭᠲᠠᠨ᠎ᠠ᠃      6. ᠪᠦᠷᠢᠳᠭᠡᠨ ᠳᠠᠩᠰᠠᠯᠠᠬᠤ ᠬᠢᠷᠢ ᠴᠢᠳᠠᠮᠵᠢ ᠲᠠᠢ ᠬᠢᠨᠠᠨ ᠪᠠᠶᠢᠴᠠᠭᠠᠬᠤ ᠠᠵᠢᠯᠲᠠᠨ 6 ᠨᠡᠷ᠎ᠡ ︵6 ᠨᠡᠷ᠎ᠡ ᠪᠠᠭᠲᠠᠨ᠎ᠠ︶᠎ ᠠᠴᠠ ᠳᠡᠭᠡᠭᠰᠢ ᠪᠠᠶᠢᠬᠤ᠃      7. ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠦᠭᠡᠶ ᠪᠠᠶᠢᠵᠤ᠂ ᠦᠢᠯᠡᠴᠢᠯᠡᠭᠦᠯᠦᠭᠴᠢ ᠳᠤ ᠮᠡᠷᠭᠡᠵᠢᠯ ᠪᠤᠯᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠪᠠᠷ ᠠᠮᠠᠯᠠᠬᠤ᠃      8 . ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠲᠥᠷᠥ ᠶᠢᠨ ᠪᠣᠳᠣᠯᠭ᠎ᠠ ᠤᠨ ᠬᠡᠷᠡᠭᠴᠡᠭᠡ ᠳᠤ ᠨᠡᠶᠢᠴᠡᠭᠰᠨ ᠪᠠᠶᠢᠬᠤ᠃      ︵ᠬᠤᠶᠠᠷ︶ ᠬᠢᠨᠠᠨ  ᠪᠠᠶᠢᠴᠠᠭᠠᠬᠤ ᠠᠵᠢᠯᠲᠠᠨ ᠤ ᠨᠥᠬᠦᠴᠡᠯ      1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠪᠠᠶᠢᠵᠤ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠲᠤᠰᠬᠠᠶ ᠲᠤᠰᠢᠶᠠᠯᠲᠤ ᠠᠵᠢᠯᠲᠠᠨ ᠮᠦᠷᠲᠡᠭᠡᠨ ᠪᠦᠬᠦᠯᠢ 60 ᠨᠠᠰᠤ ᠬᠦᠷᠦᠭᠡᠳᠦᠢ ᠪᠠᠶᠢᠬᠤ︔      2. ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ︔      3. ᠳᠤᠮᠳᠠ ᠵᠡᠷᠭᠡ ᠶᠢᠨ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠪᠤᠶᠤ ᠬᠠᠮᠢᠶ᠎ᠠ ᠪᠦᠬᠦᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔      4. ᠮᠤᠵᠢ ᠶᠢᠨ ᠱᠠᠲᠤᠨ ᠤ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠨᠠᠷᠢᠨ ᠳᠠᠩᠰᠠ ᠶᠢ ᠨᠠᠶᠢᠷᠠᠭᠤᠯᠤᠨ ᠵᠤᠬᠢᠶᠠᠬᠤ᠂ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠦᠷᠢᠶᠡᠨ ᠤ ᠲᠦᠷᠦᠯ ᠵᠦᠢᠯ ᠢ ᠰᠤᠳᠤᠯᠬᠤ᠂ ᠠᠵᠤ ᠠᠬᠤᠶᠢᠯᠠᠯ ᠤᠨ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ᠂ ᠮᠡᠳᠡᠭᠦᠯᠬᠦ ᠪᠠ ᠬᠢᠨᠠᠨ ᠪᠠᠶᠢᠴᠠᠭᠠᠬᠤ ︵MRV︶᠂  CDM ᠲᠦᠷᠦᠯ ᠵᠦᠢᠯ ᠢ ᠬᠢᠨᠠᠨ ᠲᠣᠭᠲᠠᠭᠠᠬᠤ ᠪᠠ ᠬᠢᠨᠠᠨ ᠪᠠᠶᠢᠴᠠᠭᠠᠬᠤ᠂ ᠰᠠᠶᠢᠨ ᠳᠤᠷ᠎ᠠ ᠠᠴᠠ ᠪᠠᠨ ᠪᠠᠭᠠᠰᠬᠠᠨ ᠭᠠᠳᠠᠭᠰᠢᠯᠠᠭᠤᠯᠬᠤ ᠲᠦᠷᠦᠯ ᠵᠦᠢᠯ ᠢ ᠬᠢᠨᠠᠨ ᠲᠣᠭᠲᠠᠭᠠᠬᠤ ᠪᠠ ᠬᠢᠨᠠᠨ ᠪᠠᠶᠢᠴᠠᠭᠠᠬᠤ᠂ ᠡᠨᠧᠷᠭᠢ ᠠᠷᠪᠢᠯᠠᠬᠤ ᠬᠡᠮᠵᠢᠶ᠎ᠡ ᠶᠢ ᠬᠢᠨᠠᠨ ᠬᠠᠷᠭᠤᠭᠤᠯᠬᠤ᠂ ᠡᠨᠧᠷᠭᠢ ᠶᠢᠨ ᠬᠢᠨᠠᠨ ᠪᠤᠳᠤᠯᠲᠠ ᠬᠢᠬᠦ᠂ ᠡᠨᠧᠷᠭᠢ ᠶᠢᠨ ᠦᠨᠡᠯᠡᠨ ᠵᠢᠱᠢᠯᠲᠡ ᠬᠢᠬᠦ ᠳᠠᠬᠢ ᠨᠢᠭᠡ ᠪᠤᠶᠤ ᠣᠯᠠᠨ ᠬᠦᠷᠢᠶᠡᠨ ᠳᠤ ᠭᠤᠷᠪᠠᠨ ᠵᠢᠯ ︵ᠭᠤᠷᠪᠠᠨ ᠵᠢᠯ ᠪᠠᠭᠲᠠᠨ᠎ᠠ︶᠎ ᠠᠴᠠ ᠳᠡᠭᠡᠭᠰᠢ ᠯᠠᠪᠯᠠᠯᠭ᠎ᠠ ᠦᠭᠭᠦᠭᠰᠡᠨ ᠪᠤᠶᠤ ᠬᠢᠨᠠᠨ ᠬᠠᠷᠭᠤᠭᠤᠯᠤᠭᠰᠠᠨ ᠲᠤᠷᠰᠢᠯᠭ᠎ᠠ ᠲᠠᠢ ᠪᠠᠶᠢᠬᠤ︔ 5. ᠬᠤᠪᠢ ᠬᠥᠮᠦᠨ ᠤ ᠢᠲᠡᠭᠡᠮᠵᠢ ᠰᠠᠶᠢᠲᠠᠶ ᠪᠠᠶᠢᠵᠤ᠂ ᠬᠠᠤᠯᠢ ᠲᠣᠭᠲᠠᠭᠠᠯ ᠢ ᠵᠦᠷᠢᠴᠡᠨ ᠠᠵᠢᠯ ᠡᠷᠬᠢᠯᠡᠭᠰᠡᠨ ᠲᠡᠮᠳᠡᠭᠯᠡᠯ ᠦᠭᠡᠶ ᠪᠠᠶᠢᠬᠤ᠃      ᠭᠤᠷᠪᠠ᠂ ᠪᠦᠷᠢᠳᠭᠡᠯᠭᠡᠨ ᠳᠠᠩᠰᠠᠯᠠᠭᠤᠯᠬᠤ ᠮᠠᠲ᠋ᠧᠷᠢᠶᠠᠯ ᠤᠨ ᠱᠠᠭᠠᠷᠳᠠᠯᠭ᠎ᠠ      ︵ᠨᠢᠭᠡ︶ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠪᠦᠷᠢᠳᠭᠡᠯᠭᠡᠨ ᠳᠠᠩᠰᠠᠯᠠᠭᠤᠯᠬᠤ ᠮᠠᠲ᠋ᠧᠷᠢᠶᠠᠯ      1. ᠦᠨᠳᠦᠰᠦᠨ ᠮᠡᠳᠡᠭᠡ ᠵᠠᠩᠭᠢ ᠬᠢᠭᠡᠳ ᠭᠤᠶᠤᠴᠢᠯᠠᠭᠰᠠᠨ ᠠᠵᠢᠯ ᠲᠥᠷᠥᠯ ᠤᠨ ᠬᠦᠷᠢᠶ᠎ᠡ ︵ᠳᠠᠭᠠᠯᠳᠤᠭᠤᠯᠤᠯ 1᠎ ᠳᠤ ᠦᠵᠡ︶︔      2. ᠬᠠᠤᠯᠢ ᠶᠢᠨ ᠡᠷᠭᠡᠲᠡᠨ ᠤ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ  ᠤᠷᠤᠯᠠᠬᠤ ᠨᠣᠮᠧᠷ ᠪᠤᠯᠤᠨ ᠭᠠᠶᠢᠯᠢ ᠶᠢᠨ ᠶᠠᠪᠤᠳᠠᠯ ᠤᠨ ᠲᠡᠮᠳᠡᠭᠯᠡᠭᠦᠯᠦᠭᠰᠡᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔      3. ᠣᠶᠢᠷ᠎ᠠ ᠶᠢᠨ ᠬᠤᠶᠠᠷ ᠵᠢᠯ ᠤᠨ ᠬᠢᠨᠠᠨ ᠪᠤᠳᠤᠭᠤᠯᠤᠭᠰᠠᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ︔      4. ᠬᠠᠮᠢᠶ᠎ᠠ ᠪᠦᠬᠦᠢ ᠠᠮᠵᠢᠯᠲᠠ ᠪᠦᠲᠦᠮᠵᠢ ᠶᠢᠨ ᠲᠤᠲᠤᠷᠬᠠᠢ ᠬᠠᠭᠤᠳᠠᠰᠤ ᠪᠣᠯᠤᠨ ᠬᠡᠷᠡᠴᠢᠯᠡᠬᠦ ᠪᠢᠴᠢᠭ ᠮᠠᠲ᠋ᠧᠷᠢᠶᠠᠯ︔      5. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠵᠢᠷᠤᠭ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠲᠤᠲᠤᠷᠬᠠᠶᠢᠯᠠᠯᠲᠠ᠂ ᠬᠢᠨᠠᠨ ᠪᠠᠶᠢᠴᠠᠭᠠᠭᠴᠢ ᠶᠢᠨ ᠮᠡᠳᠡᠭᠡ ᠵᠠᠩᠭᠢ᠂ ᠳᠣᠲᠣᠭᠠᠳᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︔      6 . ᠡᠷᠬᠢᠯᠡᠵᠤ ᠪᠠᠶᠢᠭ᠎ᠠ ᠲᠤᠬᠠᠶᠢᠯᠠᠭᠰᠠᠨ ᠠᠵᠢᠯ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠢᠯᠡᠷᠬᠡᠶᠢᠯᠡᠯᠲᠡ᠂ ᠬᠢᠨᠠᠨ ᠪᠠᠶᠢᠴᠠᠭᠠᠬᠤ ᠠᠵᠢᠯ ᠯᠤᠭ᠎ᠠ ᠠᠰᠢᠭ ᠲᠤᠰᠠ ᠶᠢᠨ ᠮᠥᠷᠭᠦᠯᠳᠦᠭᠡᠨ ᠲᠠᠢ ᠠᠵᠢᠯᠯᠠᠭ᠎ᠠ ᠬᠢᠬᠦ ᠦᠭᠡᠶ ᠬᠡᠰᠡᠨ ᠢᠯᠡᠷᠬᠡᠶᠢᠯᠡᠯᠲᠡ᠂ ᠨᠢᠭᠤᠴᠠ ᠶᠢ ᠬᠠᠮᠠᠭᠠᠯᠠᠬᠤ ᠠᠮᠠᠯᠳᠠᠭ᠎ᠠ ᠶᠢᠨ ᠢᠯᠡᠷᠬᠡᠶᠢᠯᠡᠯᠲᠡ ᠵᠢᠴᠢ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠲᠣᠳᠣᠷᠬᠠᠶᠢᠯᠠᠯᠲᠠ ᠵᠡᠷᠭᠡ ᠶᠢ ᠪᠠᠭᠲᠠᠭᠠᠭᠰᠠᠨ ᠨᠡᠶᠢᠴᠡᠬᠦ ᠴᠢᠨᠠᠷᠲᠠᠶ ᠢᠯᠡᠷᠬᠡᠶᠢᠯᠡᠯᠲᠡ ︵ᠳᠠᠭᠠᠯᠳᠤᠭᠤᠯᠤᠯ 3᠎ ᠳᠤ ᠦᠵᠡ︶᠃      ︵ᠬᠤᠶᠠᠷ︶ ᠬᠢᠨᠠᠨ ᠪᠠᠶᠢᠴᠠᠭᠠᠭᠴᠢ ᠶᠢᠨ ᠪᠦᠷᠢᠳᠭᠡᠯᠭᠡᠨ ᠳᠠᠩᠰᠠᠯᠠᠭᠤᠯᠬᠤ ᠮᠠᠲ᠋ᠧᠷᠢᠶᠠᠯ      1. ᠬᠢᠨᠠᠨ ᠪᠠᠶᠢᠴᠠᠭᠠᠭᠴᠢ ᠶᠢᠨ ᠪᠦᠷᠢᠳᠭᠡᠯᠭᠡᠨ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ ᠬᠢᠭᠡᠳ ᠭᠤᠶᠤᠴᠢᠯᠠᠨ ᠬᠢᠨᠠᠨ ᠪᠠᠶᠢᠴᠠᠭᠠᠬᠤ ᠠᠵᠢᠯ ᠲᠥᠷᠥᠯ ᠤᠨ ᠬᠦᠷᠢᠶ᠎ᠡ ︵ᠳᠠᠭᠠᠯᠳᠤᠭᠤᠯᠤᠯ 2᠎ ᠲᠤ ᠦᠵᠡ︶︔      2. ᠪᠡᠶ᠎ᠡ ᠶᠢᠨ ᠦᠨᠡᠮᠯᠡᠯ ᠤᠨ ᠬᠠᠭᠤᠯᠪᠤᠷᠢ︔      3. ᠬᠠᠮᠤᠭ ᠤᠨ ᠦᠨᠳᠦᠷ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠬᠠᠭᠤᠯᠪᠤᠷᠢ︔      4. ᠮᠡᠷᠭᠡᠵᠢᠯ ᠤᠨ ᠴᠣᠯᠠ ᠶᠢᠨ ᠦᠨᠡᠮᠯᠡᠯ ᠪᠤᠶᠤ ᠬᠠᠮᠢᠶ᠎ᠠ ᠪᠦᠬᠦᠢ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮ ᠤᠨ ᠬᠡᠷᠡᠴᠢᠯᠡᠬᠦ ᠪᠢᠴᠢᠭ ᠮᠠᠲ᠋ᠧᠷᠢᠶᠠᠯ︔      5. ᠭᠤᠶᠤᠴᠢᠯᠠᠭᠰᠠᠨ ᠬᠢᠨᠠᠨ ᠪᠠᠶᠢᠴᠠᠭᠠᠬᠤ ᠠᠵᠢᠯ ᠤᠨ ᠬᠦᠷᠢᠶᠡᠨ ᠤ ᠬᠠᠮᠢᠶ᠎ᠠ ᠪᠦᠬᠦᠢ ᠠᠵᠢᠯᠯᠠᠭᠰᠠᠨ ᠦᠡᠭᠭᠡᠷᠡᠯᠲᠡ ᠪᠤᠯᠤᠨ ᠠᠮᠵᠢᠯᠲᠠ ᠪᠦᠲᠦᠮᠵᠢ ᠶᠢᠨ ᠭᠡᠷᠡᠴᠢ᠃      ᠬᠢᠨᠠᠨ ᠪᠠᠶᠢᠴᠠᠭᠠᠬᠤ ᠪᠠᠶᠢᠭᠤᠯᠤᠮᠵᠢ ᠳᠤ ᠪᠦᠷᠢᠳᠭᠡᠯᠭᠡᠨ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠬᠢᠨᠠᠨ ᠪᠠᠶᠢᠴᠠᠭᠠᠬᠤ ᠪᠠᠶᠢᠭᠤᠯᠤᠮᠵᠢ ᠪᠤᠯᠤᠨ ᠬᠢᠨᠠᠨ ᠪᠠᠶᠢᠴᠠᠭᠠᠬᠤ ᠠᠵᠢᠯᠲᠠᠨ ᠤ ᠭᠤᠶᠤᠴᠢᠯᠠᠯ ᠤᠨ ᠮᠠᠲ᠋ᠧᠷᠢᠶᠠᠯ ᠢ ᠬᠠᠮᠲᠤ ᠎ ᠳᠤᠨᠢ ᠲᠤᠰᠢᠶᠠᠬᠤ ᠪᠥᠭᠡᠳ ᠠᠯᠪᠠᠨ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠶ᠃      ᠳᠥᠷᠪᠡ᠂ ᠪᠦᠷᠢᠳᠭᠡᠯᠭᠡᠨ ᠳᠠᠩᠰᠠᠯᠠᠭᠤᠯᠬᠤ ᠴᠠᠭ ᠬᠤᠭᠤᠴᠠᠭ᠎ᠠ      ᠭᠤᠶᠤᠴᠢᠯᠠᠬᠤ ᠪᠠᠶᠢᠭᠤᠯᠤᠮᠵᠢ ᠮᠡᠳᠡᠭᠦᠯᠬᠦ ᠮᠠᠲ᠋ᠧᠷᠢᠶᠠᠯ ᠢᠶᠠᠨ ᠳᠡᠪᠲᠡᠷᠯᠡᠨ ︵ᠬᠤᠶᠠᠷ ᠲᠠᠯᠠᠲᠤ ᠬᠠᠭᠤᠯᠪᠤᠷᠢ ᠭᠠᠷᠭᠠᠬᠤ︶᠂  ᠨᠢᠭᠡᠴᠡ ᠶᠢᠨ ᠠᠯᠪᠠᠨ ᠲᠠᠮᠠᠭ᠎ᠠ ᠪᠠᠨ ᠳᠠᠷᠤᠵᠤ᠂ ᠨᠢᠭᠡ ᠶᠠᠩᠵᠤ ᠶᠢᠨ ᠭᠤᠷᠪᠠᠨ ᠬᠤᠪᠢ ᠶᠢ ᠡᠯᠧᠺᠲᠷᠣᠨ ᠪᠢᠴᠢᠭᠯᠡᠯ ᠤᠨ ᠨᠢᠭᠡ ᠬᠤᠪᠢ ᠲᠠᠢ ᠬᠠᠮᠲᠤ ᠳᠤᠨᠢ ᠲᠤᠰᠢᠶᠠᠵᠤ᠂ 2015 ᠤᠨ ᠤ 8 ᠳ᠋ᠤᠭᠠᠷ ᠰᠠᠷ᠎ᠠ ᠶᠢᠨ 20᠎ ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠤᠷᠴᠢᠨ ᠲᠤᠭᠤᠷᠢᠨ ᠡᠬᠢ ᠪᠠᠶᠠᠯᠢᠭ ᠠᠭᠤᠷ ᠠᠮᠢᠰᠬᠤᠯ ᠤᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃      ᠲᠠᠪᠤ᠂ ᠪᠤᠰᠤᠳ ᠵᠦᠢᠯ      ᠮᠠᠨ ᠤ ᠣᠷᠣᠨ ᠪᠦᠷᠢᠳᠭᠡᠯᠭᠡᠨ ᠳᠠᠩᠰᠠᠯᠠᠭᠤᠯᠤᠭᠰᠠᠨ ᠪᠠᠶᠢᠭᠤᠯᠤᠮᠵᠢ ᠶᠢᠨ ᠳᠤᠲᠤᠷ᠎ᠠ ᠠᠴᠠ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠰᠤᠩᠭᠤᠵᠤ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠨᠠᠨ ᠪᠠᠶᠢᠴᠠᠭᠠᠬᠤ ᠠᠵᠢᠯ ᠢ ᠦᠷᠨᠢᠭᠦᠯᠦᠨ᠎ᠡ᠃      ᠬᠠᠷᠢᠯᠴᠠᠬᠤ ᠬᠥᠮᠦᠨ᠄ ᠸᠠᠩ ᠰᠢᠶᠠᠩ  0471-6659103  ᠂  6659268 ︵ᠹᠠᠺᠰ︶      ᠰᠢᠤᠳᠠᠨ ᠬᠠᠶᠢᠷᠴᠠᠭ᠄ fgwhzc6659057@126.com      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠢᠯᠧ ᠶᠢᠨ ᠴᠠᠶᠢᠳᠠᠮ ᠶᠡᠭᠡ ᠵᠡᠭᠡᠯᠢ        ᠰᠢᠤᠳᠠᠨ ᠳ᠋ᠤᠭᠠᠷ᠄ 010098      ᠳᠠᠭᠠᠯᠳᠤᠭᠤᠯᠤᠯ᠄ 1. ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠶᠤᠴᠢᠯᠠᠯ ᠤᠨ ᠬᠦᠰᠦᠨᠦᠭᠲᠦ      2. ᠬᠢᠨᠠᠨ ᠪᠠᠶᠢᠴᠠᠭᠠᠭᠴᠢ ᠶᠢᠨ ᠭᠤᠶᠤᠴᠢᠯᠠᠯ ᠤᠨ ᠬᠦᠰᠦᠨᠦᠭᠲᠦ      3. ᠢᠯᠡᠷᠬᠡᠶᠢᠯᠡᠯᠲᠡ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ         2015 ᠤᠨ ᠤ 8 ᠳ᠋ᠤᠭᠠᠷ ᠰᠠᠷ᠎ᠠ ᠶᠢᠨ 11᠎ ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号