ᠣᠷᠳᠣᠰ ᠬᠤᠲᠠ ᠶᠢᠨ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠭᠠᠶᠢᠯᠢ ᠭᠦᠢᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠭᠠᠶᠢᠯᠢ ᠭᠦᠢᠴᠡᠳᠬᠡᠬᠦ ᠡᠭᠦᠷᠭᠡᠯᠡᠯ ᠢ ᠬᠦᠩᠭᠡᠯᠡᠬᠦ ᠬᠤᠶᠠᠷ ᠵᠠᠩᠭᠢᠯᠠᠭ᠎ᠠ ᠶᠢᠨ | ᠲᠣᠭᠤᠷᠢᠨ ᠳᠤ᠂ ᠭᠠᠶᠢᠯᠢ ᠲᠤᠰᠢᠶᠠᠭᠴᠢ ᠳᠤ ᠪᠣᠳᠠᠲᠤ ᠠᠵᠢᠯ ᠬᠢᠬᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠯᠡᠬᠦ ᠳᠤ ᠦᠢᠯᠡᠴᠢᠯᠡᠭᠡᠨ ᠤ ᠨᠡᠷᠡᠲᠦ ᠲᠡᠮᠳᠡᠭ ᠢ ᠴᠢᠷᠮᠠᠶᠢᠨ ᠪᠠᠶᠢᠭᠤᠯᠵᠤ ᠪᠠᠶᠢᠨ᠎ᠠ᠃ ᠨᠢᠭᠡ ᠳᠤ ᠢᠨᠲ᠋ᠧᠷ | ᠰᠦᠯᠵᠢᠶ᠎ᠡ + ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢ ᠳᠡᠯᠭᠡᠷᠡᠭᠦᠯᠪᠡ᠂ 19627 ᠠᠵᠤ ᠠᠬᠤᠶᠢᠯᠠᠯ | ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠣᠯᠵᠣ᠂ ᠪᠦᠬᠦ ᠠᠵᠤ ᠠᠬᠤᠶᠢᠯᠠᠯ ᠤᠨ 63% ᠶᠢ ᠡᠵᠡᠯᠡᠪᠡ᠃ | ᠬᠤᠶᠠᠷ ᠲᠤ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠬᠤᠷᠰᠢᠯᠴᠠᠨ ᠭᠠᠶᠢᠯᠢ | ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠢ | ᠬᠠᠮᠲᠤ ᠪᠠᠷ ᠪᠠᠶᠢᠭᠤᠯᠬᠤ ᠪᠠ ᠬᠠᠮᠲᠤ ᠪᠠᠷ ᠣᠷᠣᠵᠤ ᠰᠠᠭᠤᠬᠤ ᠬᠤᠶᠠᠷ ᠵᠦᠢᠯ ᠤᠨ ᠬᠠᠮᠲᠤ ᠪᠠᠷ ᠪᠠᠶᠢᠭᠤᠯᠬᠤ | ᠵᠠᠭᠪᠤᠷ ᠢ ᠬᠡᠷᠡᠭᠵᠢᠭᠦᠯᠪᠡ᠂ ᠣᠳᠣᠬᠠᠨ ᠳᠤ᠂ ᠣᠲᠤᠭ ᠨᠡᠭᠡᠭᠡᠨ ᠬᠥᠭᠵᠢᠭᠦᠯᠬᠦ ᠲᠣᠭᠤᠷᠢᠭ ᠤᠯᠤᠰ ᠤᠨ ᠪᠠ ᠣᠷᠣᠨ | ᠨᠤᠲᠤᠭ ᠤᠨ ᠭᠠᠶᠢᠯᠢ ᠶᠢᠨ ᠲᠣᠪᠴᠢᠶ᠎ᠠ ᠬᠤᠷᠰᠢᠯᠴᠠᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠪᠠᠶᠢᠭᠤᠯᠪᠠ︔ | ᠦᠨᠳᠦᠰᠦᠨ ᠱᠠᠲᠤᠨ ᠤ ᠤᠯᠤᠰ ᠤᠨ ᠪᠠ ᠣᠷᠣᠨ ᠨᠤᠲᠤᠭ ᠤᠨ 9 ᠭᠠᠶᠢᠯᠢ ᠶᠢᠨ ᠲᠣᠪᠴᠢᠶ᠎ᠠ ᠵᠠᠰᠠᠭ ᠵᠠᠬᠢᠷᠭᠠᠨ ᠤ | ᠦᠢᠯᠡᠴᠢᠯᠡᠭᠡᠨ ᠤ ᠲᠥᠪ ᠲᠤ ᠣᠷᠣᠵᠤ ᠰᠠᠭᠤᠪᠠ︔ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ | ᠲᠣᠪᠴᠢᠶ᠎ᠠ ᠬᠤᠯᠪᠤᠭᠠᠯᠠᠨ ᠰᠢᠤᠳᠠᠨ ᠤ ᠰᠠᠯᠠᠭ᠎ᠠ ᠮᠥᠴᠢᠷ ᠲᠤ ᠨᠠᠶᠢᠳᠠᠨ ᠪᠠᠷᠢᠮᠲᠠ ᠣᠷᠣᠯᠠᠨ ᠣᠯᠭᠤᠬᠤ᠂ | ᠭᠠᠶᠢᠯᠢ ᠶᠢᠨ ᠮᠥᠩᠭᠦ ᠶᠢ ᠣᠷᠣᠯᠠᠨ ᠲᠠᠲᠠᠪᠤᠷᠢᠯᠠᠬᠤ ᠪᠣᠯᠭᠠᠪᠠ᠃ ᠭᠤᠷᠪᠠ ᠳᠤ ︽ᠭᠤᠷᠪᠠᠨ ᠦᠨᠡᠮᠯᠡᠯ ᠤᠨ ᠨᠢᠭᠡᠳᠬᠡᠯ︾ | ᠤᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠳ᠋ᠦᠩᠱᠧᠩ ᠲᠣᠭᠤᠷᠢᠭ ︽ᠨᠢᠭᠡ ᠦᠨᠡᠮᠯᠡᠯ | ᠭᠤᠷᠪᠠᠨ ᠨᠣᠮᠧᠷ︾ ᠢ ᠤᠷᠢᠳᠴᠢᠯᠠᠨ ᠬᠡᠷᠡᠭᠵᠢᠭᠦᠯᠵᠦ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ︽ | ᠨᠢᠭᠡ ᠦᠨᠡᠮᠯᠡᠯ ᠨᠢᠭᠡ ᠨᠣᠮᠧᠷ︾ ᠢ ᠪᠡᠶᠡᠯᠡᠭᠦᠯᠦᠭᠰᠡᠨ ᠪᠠᠶᠢᠨ᠎ᠠ᠃ ᠳᠥᠷᠪᠡ ᠳᠤ ᠬᠤᠶᠠᠷ ᠵᠢᠷᠤᠮᠵᠢᠯ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠭᠠᠶᠢᠯᠢ ᠲᠤᠰᠢᠶᠠᠭᠴᠢ ᠶᠢᠨ ᠮᠡᠳᠡᠭᠦᠯᠦᠨ ᠬᠦᠷᠭᠡᠬᠦ ᠮᠠᠲ᠋ᠧᠷᠢᠶᠠᠯ ᠢ 21 ᠵᠦᠢᠯ ᠪᠣᠯᠭᠠᠨ | ᠳᠦᠭᠦᠮᠴᠢᠯᠡᠨ ᠨᠢᠭᠡᠳᠬᠡᠵᠦ᠂ ᠪᠦᠬᠦᠯᠢ ᠴᠣᠭᠴᠠ ᠶᠢᠨ ᠭᠠᠶᠢᠯᠢ ᠭᠦᠢᠴᠡᠳᠬᠡᠬᠦ ᠦᠷ᠎ᠡ ᠪᠦᠲᠦᠮᠵᠢ ᠶᠢ 12% ᠠᠴᠠ | ᠳᠠᠪᠠᠭᠤᠯᠤᠭᠰᠠᠨ ᠪᠠᠶᠢᠨ᠎ᠠ᠃ ᠲᠠᠪᠤ ᠳᠤ ᠭᠠᠶᠢᠯᠢ ᠭᠦᠢᠴᠡᠳᠬᠡᠬᠦ ᠪᠦᠬᠦ ᠶᠠᠪᠤᠴᠠ ᠶᠢᠨ ᠨᠡᠪᠲᠡᠷᠡᠯᠴᠡᠬᠦ ᠲᠣᠭᠲᠠᠴᠠ ᠶᠢ | ᠪᠠᠶᠢᠭᠤᠯᠵᠤ᠂ ᠭᠠᠶᠢᠯᠢ ᠲᠣᠰᠢᠶᠠᠬᠤ ᠠᠴᠠ ᠡᠮᠦᠨ᠎ᠡ᠂ ᠢᠨᠲ᠋ᠧᠷ ᠰᠦᠯᠵᠢᠶ᠎ᠡ ᠵᠡᠷᠭᠡ ᠪᠠᠷ ᠳᠠᠮᠵᠢᠭᠤᠯᠤᠨ ᠭᠠᠶᠢᠯᠢ | ᠲᠤᠰᠢᠶᠠᠭᠴᠢ ᠳᠤ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠥᠭᠴᠡᠢ︔ | ᠭᠠᠶᠢᠯᠢ ᠲᠤᠰᠢᠶᠠᠬᠤ ᠶᠠᠪᠤᠴᠠ ᠳᠤ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ᠂ 12366 ᠬᠠᠯᠠᠮᠰᠢᠯ | ᠤᠲᠠᠰᠤ ᠵᠡᠷᠭᠡ ᠣᠯᠠᠨ ᠡᠰᠢᠴᠢᠯᠡᠭᠰᠡᠨ ᠵᠥᠪᠯᠡᠯᠭᠡ ᠥᠭᠬᠦ᠂ ᠰᠣᠯᠢᠯᠴᠠᠬᠤ ᠲᠠᠪᠴᠠᠩ ᠪᠠᠶᠢᠭᠤᠯᠪᠠ︔ ᠭᠠᠶᠢᠯᠢ | ᠲᠤᠰᠢᠶᠠᠭᠰᠠᠨ ᠤ ᠳᠠᠷᠠᠭ᠎ᠠ᠂ 12366 ᠬᠠᠯᠠᠮᠰᠢᠯ ᠤᠲᠠᠰᠤ ᠶᠢᠨ ᠠᠯᠤᠰ ᠤᠨ ᠰᠠᠭᠤᠳᠠᠯ ᠤᠨ ᠲᠤᠰᠬᠠᠶ ᠬᠥᠮᠦᠨ | ᠲᠤᠰᠬᠠᠶ ᠠᠵᠢᠯ ᠤᠨ ᠪᠠᠶᠢᠷᠢ ᠪᠠᠶᠢᠭᠤᠯᠤᠨ ᠲᠣᠭᠤᠷᠢᠭ ᠤᠨ ᠭᠠᠶᠢᠯᠢ ᠶᠢᠨ ᠲᠣᠪᠴᠢᠶ᠎ᠠ ᠶᠢᠨ ᠵᠠᠭᠠᠯᠳᠤᠯᠭ᠎ᠠ | ᠰᠢᠯᠵᠢᠭᠦᠯᠦᠨ ᠰᠢᠢᠳᠪᠦᠷᠢᠯᠡᠭᠦᠯᠬᠦ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ᠂ ᠮᠦᠷᠲᠡᠨ ᠳᠠᠭᠠᠬᠤ ᠪᠠ ᠬᠢᠨᠠᠨ | ᠰᠢᠯᠭᠠᠬᠤ ᠶᠢ ᠬᠠᠷᠢᠭᠤᠴᠠᠭᠤᠯᠵᠠᠢ᠃ |