︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠲᠡᠮᠳᠡᠭ ︵LOGO︶ ᠴᠤᠭᠯᠠᠭᠤᠯᠬᠤ  ᠠᠵᠢᠯᠯᠠᠭ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2015/8/18
      ︽ᠸᠢᠴᠠᠲ ᠤᠨ ᠴᠠᠭ ᠦᠶ᠎ᠡ︾᠎ ᠶᠢᠨ ᠬᠥᠭᠵᠢᠯᠲᠡ ᠶᠢᠨ ᠬᠠᠨᠳᠤᠰᠢ ᠳᠤ ᠳᠠᠭᠠᠭᠤᠯᠵᠤ᠂ ᠰᠢᠨ᠎ᠡ  ᠵᠠᠭᠤᠴᠢᠯᠠᠭᠤᠷ ᠤᠨ ᠤᠯᠠᠮᠵᠢᠯᠠᠬᠤ ᠠᠷᠭ᠎ᠠ ᠪᠠᠷᠢᠯ ᠢ ᠠᠰᠢᠭᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠳᠥᠯᠭᠢᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ ︵ᠸᠢᠴᠡᠲ ᠤᠨ ᠣᠯᠠᠨ ᠨᠡᠶᠢᠲᠡ ᠶᠢᠨ ᠳ᠋ᠤᠭᠠᠷ᠄ nmgzffb︶ ᠸᠢᠴᠡᠲ ᠤᠨ ᠣᠯᠠᠨ ᠨᠡᠶᠢᠲᠡ ᠶᠢᠨ ᠲᠠᠪᠴᠠᠩ ᠢ ᠨᠡᠪᠲᠡᠷᠡᠭᠦᠯᠪᠡ᠃ ᠲᠠᠪᠴᠠᠩ ᠢᠶᠠᠷ ᠳᠡᠪᠰᠢᠭᠦᠯᠬᠦ ᠭᠤᠣᠯ ᠠᠭᠤᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠡᠷᠭᠡ ᠴᠢᠬᠤᠯᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠬᠢᠭᠡᠳ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ  ᠬᠤᠯᠪᠤᠭᠳᠠᠯ ᠲᠠᠢ ᠮᠡᠳᠡᠭᠡ ᠵᠠᠩᠬᠢ ᠪᠤᠯᠤᠨ᠎ᠠ᠃  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾᠎ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠷᠠᠳ ᠲᠤ ᠳᠣᠲᠣᠨᠣ᠂ ᠠᠮᠢᠵᠢᠷᠠᠯ ᠤᠨ ᠬᠦᠴᠦᠨ ᠲᠠᠢ᠂  ᠦᠢᠯᠡᠴᠢᠯᠡᠭᠡ ᠬᠢᠬᠦ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠳᠦᠷᠢ ᠲᠥᠷᠬᠦ ᠢ ᠪᠤᠢ ᠪᠤᠯᠭᠠᠬᠤ ᠶᠢᠨ ᠲᠤᠰᠠᠳᠠ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾  ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠲᠡᠮᠳᠡᠭ ︵LOGO︶ ᠴᠤᠭᠯᠠᠭᠤᠯᠬᠤ ᠠᠵᠢᠯᠯᠠᠭ᠎ᠠ  ᠶᠠᠪᠤᠭᠳᠠᠭᠤᠯᠬᠤ ᠪᠠᠷ ᠪᠠᠶᠢᠨ᠎ᠠ᠂ ᠪᠣᠳᠠᠲᠠᠶ ᠱᠠᠭᠠᠷᠳᠠᠯᠭ᠎ᠠ ᠨᠢ ᠳᠣᠣᠷᠠᠬᠢ ᠮᠡᠲᠦ᠄      ᠨᠢᠭᠡ᠂ ᠵᠢᠷᠤᠭᠯᠠᠨ ᠲᠦᠯᠦᠪᠯᠡᠬᠦ ᠱᠠᠭᠠᠷᠳᠠᠯᠭ᠎ᠠ      ︵ᠨᠢᠭᠡ︶  ᠡᠯᠡᠰᠡᠭᠳᠡᠬᠦ ᠪᠦᠲᠦᠭᠡᠯ ᠨᠢ ᠡᠯᠪᠡᠭ ᠪᠠᠶᠠᠯᠢᠭ ᠠᠭᠤᠯᠤᠭᠳᠠᠬᠤᠨ ᠲᠠᠢ᠂ ᠢᠯᠡ ᠲᠤᠳᠤ ᠴᠠᠭ ᠦᠶ᠎ᠡ ᠶᠢᠨ ᠰᠡᠳᠬᠢᠯᠭᠡ ᠪᠠ ᠥᠪᠥᠷ ᠮᠣᠩᠭᠤᠯ ᠤᠨ ᠦᠨᠳᠦᠰᠦᠲᠡᠨ ᠤ ᠣᠨᠴᠠᠯᠢᠭ ᠲᠠᠢ ᠪᠦᠭᠡᠳ ᠤᠷᠠᠯᠠᠨ ᠵᠢᠷᠤᠭᠰᠠᠨ ᠎ ᠨᠢ ᠲᠤᠪᠴᠢ ᠲᠤᠳᠤᠷᠬᠠᠢ᠂ ᠠᠭᠤᠳᠠᠮ ᠪᠠᠭᠲᠠᠭᠠᠮᠵᠢᠯᠢᠭ᠂ ᠰᠢᠨ᠎ᠡ ᠰᠡᠪᠡᠭᠦᠨ ᠪᠠᠶᠢᠵᠤ᠂ ᠲᠡᠮᠳᠡᠭ ᠵᠢᠷᠤᠭ ᠤᠨ ᠥᠩᠭᠡ ᠪᠤᠳᠤᠭ ᠢ ᠲᠤᠬᠢᠷᠠᠭᠤᠯᠤᠭᠰᠠᠨ ᠨᠢ ᠵᠣᠬᠢᠰᠲᠠᠶ᠂ ᠲᠤᠳᠤᠷᠠᠭᠤᠨ᠂ ᠵᠢᠷᠤᠭ᠂ ᠦᠰᠦᠭ᠂ ᠲᠡᠮᠳᠡᠭ ᠵᠡᠷᠭᠡ ᠶᠢᠨ ᠨᠡᠶᠢᠯᠡᠯ ᠎ ᠨᠢ ᠵᠤᠬᠢᠴᠠᠩᠭᠤᠢ ᠪᠦᠭᠡᠳ ᠨᠢᠭᠡᠳᠦᠯᠲᠡᠢ᠂ ᠰᠠᠭᠤᠭᠳᠠᠭᠤᠯᠵᠤ ᠠᠪᠬᠤ ᠳᠤ ᠬᠢᠯᠪᠠᠷ ᠪᠠᠶᠢᠬᠤ  ᠃      ︵ᠬᠤᠶᠠᠷ︶  ᠡᠯᠡᠰᠡᠭᠳᠡᠬᠦ ᠪᠦᠲᠦᠭᠡᠯ ᠨᠢ ᠨᠢᠭᠡᠨ ᠪᠦᠷᠢᠨ ᠪᠦᠲᠦᠨ ᠪᠦᠲᠦᠭᠡᠯ ᠪᠠᠶᠢᠵᠤ᠂ ᠡᠭᠦᠨ ᠳᠤ ᠲᠡᠮᠳᠡᠭ ︵LOGO︶᠎ ᠎ ᠢ ᠵᠢᠷᠤᠭᠯᠠᠨ ᠲᠦᠯᠦᠪᠯᠡᠭᠰᠡᠨ ᠵᠢᠷᠤᠭ ᠤᠨ ᠡᠬᠡ ᠨᠤᠤᠷᠠᠭ᠂ ᠵᠣᠬᠢᠶᠠᠨ ᠪᠦᠲᠦᠭᠡᠭᠰᠡᠨ ᠤᠨᠤᠯᠵᠢᠬᠤᠨ ᠪᠠ ᠵᠢᠷᠤᠭᠯᠠᠨ ᠲᠦᠯᠦᠪᠯᠡᠭᠰᠡᠨ ᠲᠤᠳᠤᠷᠬᠠᠶᠢᠯᠠᠯᠲᠠ ᠶᠢ ᠪᠠᠭᠲᠠᠭᠠᠵᠤ᠂ ᠲᠡᠮᠳᠡᠭ ᠵᠢᠷᠤᠭ ᠤᠨ ᠬᠡᠯᠪᠡᠷᠢ ᠶᠢᠨ ᠠᠰ ᠢᠶᠠᠷ ᠨᠢ ᠬᠡᠷᠡᠭᠯᠡᠵᠦ ᠪᠣᠯᠬᠤ ᠪᠠᠶᠢᠬᠤ ᠬᠡᠷᠡᠭᠲᠡᠢ᠃      ︵ᠭᠤᠷᠪᠠ︶ ᠡᠯᠡᠰᠡᠭᠳᠡᠬᠦ ᠪᠦᠲᠦᠭᠡᠯ ᠨᠢ ᠤᠭ ᠵᠣᠬᠢᠶᠠᠭᠰᠠᠨ ᠪᠦᠲᠦᠭᠡᠯ ᠪᠠᠶᠢᠬᠤ ᠬᠡᠷᠡᠭᠲᠡᠶ᠂ ᠪᠤᠰᠤᠳ ᠠᠵᠤ ᠠᠬᠤᠶᠢᠯᠠᠯ ᠪᠤᠶᠤ ᠨᠡᠷᠡᠲᠦ ᠲᠦᠷᠦᠯ ᠲᠡᠮᠳᠡᠭᠲᠦ ᠶᠢᠨ ᠲᠡᠮᠳᠡᠭ ᠯᠦᠭᠡ ᠠᠳᠠᠯᠢ ᠪᠠᠶᠢᠵᠤ ᠪᠣᠯᠬᠤ ᠦᠭᠡᠢ᠂ ᠶᠠᠮᠠᠷᠪᠠ ᠬᠡᠯᠪᠡᠷᠢ ᠪᠠᠷ ᠨᠡᠶᠢᠲᠡᠯᠡᠭᠰᠡᠨ ᠦᠭᠡᠶ᠂ ᠬᠡᠪᠯᠡᠯ ᠤᠨ ᠡᠷᠬᠡ ᠦᠭᠡᠶ ᠪᠤᠶᠤ ᠵᠣᠬᠢᠶᠠᠯ ᠪᠦᠲᠦᠭᠡᠯ ᠤᠨ ᠡᠷᠬᠡ ᠶᠢᠨ ᠵᠢᠭᠤᠷᠠᠯᠳᠤᠭᠠᠨ ᠦᠭᠡᠢ ᠪᠠᠶᠢᠬᠤ ᠬᠡᠷᠡᠭᠲᠡᠢ  ᠂ ᠡᠰᠡ ᠲᠡᠶᠢᠮᠦ ᠪᠣᠯ ᠵᠢᠷᠤᠭᠯᠠᠨ ᠲᠥᠯᠥᠪᠯᠡᠭᠴᠢ ᠠᠯᠢᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃     ︵ᠳᠥᠷᠪᠡ︶ ᠡᠯᠡᠰᠡᠭᠳᠡᠬᠦ ᠪᠦᠲᠦᠭᠡᠯ ᠤᠨ ᠡᠯᠧᠺᠲᠷᠣᠨ ᠡᠬᠡ ᠪᠢᠴᠢᠭ ᠤᠨ ᠢᠯᠭᠠᠮᠵᠢ ᠨᠢ 300dpi ︵ ᠳᠦᠷᠰᠦ ᠶᠢᠨ ᠡᠯᠧᠮᠧᠨ᠋ᠲ / ᠠᠩᠭ᠍ᠯᠢ ᠢᠮᠠᠬᠤ︶᠎ ᠠᠴᠠ ᠳᠣᠣᠷ᠎ᠠ ᠦᠭᠡᠶ ᠪᠦᠭᠡᠳ᠂ JPG ᠪᠤᠶᠤ TIF ᠬᠡᠯᠪᠡᠷᠢ ᠶᠢᠨ ᠪᠠᠶᠢᠬᠤ ᠶᠢᠨ ᠬᠠᠮᠲᠤ ᠴᠢᠭᠯᠡᠯᠲᠦ ᠬᠡᠮᠵᠢᠭᠳᠡᠭᠦᠨ ᠤ ᠵᠢᠷᠤᠭ ᠢ ᠬᠠᠩᠭᠠᠬᠤ ᠬᠡᠷᠡᠭᠲᠡᠢ ︵AI ᠬᠡᠯᠪᠡᠷᠢ ᠶᠢᠨ ᠪᠢᠴᠢᠭ ᠮᠠᠲ᠋ᠧᠷᠢᠶᠠᠯ︶᠃    ︵ᠲᠠᠪᠤ︶ ᠡᠯᠡᠰᠡᠭᠳᠡᠬᠦ ᠪᠦᠲᠦᠭᠡᠯ ᠤᠨ ᠠᠭᠤᠯᠭ᠎ᠠ ᠢᠳᠡᠪᠬᠢᠲᠡᠶ ᠡᠷᠡᠭᠦᠯ ᠦᠭᠡᠳᠡᠷᠬᠡᠭ ᠪᠠᠶᠢᠵᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠨᠡᠶᠢᠭᠡᠮ ᠤᠨ ᠶᠣᠰᠣ ᠮᠣᠷᠠᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ︵ᠵᠢᠷᠭᠤᠭ᠎ᠠ︶ ᠵᠢᠷᠤᠭᠯᠠᠨ ᠲᠦᠯᠦᠪᠯᠡᠭᠴᠢ ᠨᠢᠭᠡᠪᠦᠷᠢ ᠶᠢᠨ ᠡᠯᠰᠡᠭᠳᠡᠬᠦ ᠳᠤ ᠤᠷᠤᠯᠴᠠᠬᠤ ᠪᠦᠲᠦᠭᠡᠯ ᠤᠨ ᠲᠤᠭ᠎ᠠ ᠶᠢ ᠬᠢᠵᠠᠭᠠᠷᠯᠠᠬᠤ ᠦᠭᠡᠶ᠃      ᠬᠤᠶᠠᠷ᠂ ᠰᠢᠯᠭᠠᠷᠠᠭᠤᠯᠬᠤ ᠠᠷᠭ᠎ᠠ ᠮᠠᠶ᠋ᠢᠭ     ︵ᠨᠢᠭᠡ︶  ᠭᠤᠤᠯᠯᠠᠨ ᠡᠷᠬᠢᠯᠡᠬᠦ ᠲᠠᠯ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ︶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠡᠯᠰᠡᠭᠳᠡᠬᠦ ᠪᠦᠲᠦᠭᠡᠯ ᠳᠤ ᠠᠩᠬᠠᠨ ᠤ ᠰᠢᠯᠭᠠᠷᠠᠭᠤᠯᠤᠯᠲᠠ ᠬᠢᠬᠦ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾  ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠲᠦᠪᠯᠡᠷᠡᠭᠦᠯᠦᠨ ᠳᠡᠯᠭᠡᠨ ᠦᠵᠡᠭᠦᠯᠵᠦ᠂ ᠣᠯᠠᠨ ᠨᠡᠶᠢᠲᠡ ᠶᠢᠨ ᠪᠢᠯᠧᠲ ᠦᠭᠬᠦ ᠶᠢ ᠬᠦᠯᠢᠶᠡᠨ ᠠᠪᠴᠤ᠂ ᠪᠦᠲᠦᠭᠡᠯ ᠤᠨ ᠪᠢᠯᠧᠲ ᠤᠯᠤᠭᠰᠠᠨ ᠬᠢᠷᠢ ᠬᠡᠮᠵᠢᠶ᠎ᠡ ᠶᠢ ᠡᠴᠦᠰ ᠤᠨ ᠰᠢᠯᠭᠠᠷᠠᠭᠤᠯᠤᠯᠲᠠ ᠶᠢᠨ ᠴᠢᠬᠤᠯᠠ ᠦᠨᠳᠦᠰᠦᠯᠡᠯ ᠪᠤᠯᠭᠠᠨ᠎ᠠ᠃      ︵ᠬᠤᠶᠠᠷ︶ ᠭᠤᠤᠯᠯᠠᠨ ᠡᠷᠬᠢᠯᠡᠬᠦ ᠲᠠᠯ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ︶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠡᠴᠦᠰ ᠤᠨ  ᠬᠢᠨᠠᠯᠲᠠ ᠬᠢᠯᠭᠡᠵᠦ᠂ 6 ᠰᠢᠯᠢᠳᠡᠭ ᠪᠦᠲᠦᠭᠡᠯ ᠢ ᠪᠤᠢ ᠪᠤᠯᠭᠠᠬᠤ ᠶᠢᠨ ᠬᠠᠮᠲᠤ ᠰᠤᠩᠭᠤᠭᠳᠠᠭᠰᠠᠨ ᠪᠦᠲᠦᠭᠡᠯ ᠶᠢ ᠲᠤᠭᠲᠠᠭᠠᠨ᠎ᠠ  ᠃      ︵ᠭᠤᠷᠪᠠ︶  ᠰᠤᠩᠭᠤᠭᠳᠠᠭᠰᠠᠨ ᠪᠦᠲᠦᠭᠡᠯ ᠤᠨ ᠬᠡᠪᠯᠡᠯ ᠤᠨ ᠡᠷᠬᠡ ᠶᠢ ᠡᠯᠰᠡᠭᠰᠡᠨ ᠲᠠᠯ᠎ᠠ ᠡᠵᠡᠮᠰᠢᠵᠦ᠂   ᠡᠯᠰᠡᠭᠰᠡᠨ ᠲᠠᠯ᠎ᠠ ᠰᠤᠩᠭᠤᠭᠳᠠᠭᠰᠠᠨ ᠪᠦᠲᠦᠭᠡᠯ ᠳᠤ ᠵᠣᠬᠢᠰᠲᠠᠶ ᠵᠠᠰᠠᠪᠤᠷᠢ ᠣᠷᠣᠭᠤᠯᠬᠤ ᠡᠷᠬᠡ ᠲᠠᠢ᠃ ᠪᠤᠶ ᠪᠦᠬᠦᠢ ᠡᠯᠡᠰᠡᠭᠳᠡᠭᠰᠡᠨ ᠪᠦᠲᠦᠭᠡᠯ ᠢ ᠪᠤᠴᠠᠭᠠᠵᠤ ᠥᠭᠬᠦ ᠦᠭᠡᠶ᠂ ᠵᠣᠬᠢᠶᠠᠭᠴᠢ ᠡᠬᠡ ᠨᠣᠣᠷᠠᠭ ᠢᠶᠠᠨ ᠦᠪᠡᠷ ᠲᠡᠭᠡᠨ ᠦᠯᠡᠳᠡᠭᠡᠷᠡᠢ᠃      ᠭᠤᠷᠪᠠ᠂ ᠴᠠᠭ ᠬᠤᠭᠤᠴᠠᠭᠠᠨ ᠤ ᠲᠣᠬᠢᠷᠠᠭᠤᠯᠤᠯᠲᠠ       ᠲᠤᠰ ᠤᠳᠠᠭᠠᠨ ᠤ ᠲᠡᠮᠳᠡᠭ ︵LOGO︶ ᠴᠤᠭᠯᠠᠭᠤᠯᠬᠤ ᠠᠵᠢᠯᠯᠠᠭ᠎ᠠ 2015 ᠣᠨ ᠤ 8 ᠳ᠋ᠤᠭᠠᠷ ᠰᠠᠷ᠎ᠠ ᠶᠢᠨ 18᠎ ᠤ ᠡᠳᠦᠷ ᠡᠬᠢᠯᠡᠵᠦ᠂ 9 ᠳ᠋ᠦ᠋ᠭᠡᠷ ᠰᠠᠷ᠎ᠠ ᠶᠢᠨ 28᠎ ᠤ ᠡᠳᠦᠷ ᠲᠡᠭᠦᠰᠦᠨ᠎ᠡ᠃ ᠡᠭᠦᠨ ᠳᠤ᠂ 8 ᠳ᠋ᠤᠭᠠᠷ ᠰᠠᠷ᠎ᠠ ᠶᠢᠨ18᠎ ᠤ ᠡᠳᠦᠷ — 9 ᠳ᠋ᠦ᠋ᠭᠡᠷ ᠰᠠᠷ᠎ᠠ ᠶᠢᠨ 8᠎ ᠤ ᠡᠳᠦᠷ ᠬᠦᠷᠲᠡᠯ᠎ᠡ ᠪᠣᠯ ᠡᠯᠡᠰᠡᠭᠳᠡᠬᠦ ᠪᠦᠲᠦᠭᠡᠯ ᠤᠨ ᠨᠡᠷ᠎ᠡ ᠮᠡᠳᠡᠭᠦᠯᠬᠦ ᠴᠠᠭ ᠪᠤᠯᠤᠨ᠎ᠠ︔ 9 ᠳ᠋ᠦ᠋ᠭᠡᠷ ᠰᠠᠷ᠎ᠠ ᠶᠢᠨ 9᠎ ᠤ ᠡᠳᠦᠷ —18᠎ ᠤ ᠡᠳᠦᠷ ᠬᠦᠷᠲᠡᠯ᠎ᠡ ᠪᠣᠯ ᠣᠯᠠᠨ ᠨᠡᠶᠢᠲᠡ ᠶᠢᠨ ᠪᠢᠯᠧᠲ ᠥᠭᠬᠦ ᠴᠠᠭ ᠪᠤᠯᠤᠨ᠎ᠠ︔ 9 ᠳ᠋ᠦ᠋ᠭᠡᠷ ᠰᠠᠷ᠎ᠠ ᠶᠢᠨ19᠎ ᠤ ᠡᠳᠦᠷ —24᠎ ᠤ ᠡᠳᠦᠷ ᠬᠦᠷᠲᠡᠯ᠎ᠡ ᠪᠣᠯ ᠲᠤᠰᠬᠠᠢ ᠮᠡᠷᠭᠡᠵᠢᠯ ᠤᠨ ᠰᠢᠯᠭᠠᠷᠠᠭᠤᠯᠬᠤ ᠴᠠᠭ ᠪᠤᠯᠤᠨ᠎ᠠ︔ 9 ᠳ᠋ᠦ᠋ᠭᠡᠷ ᠰᠠᠷ᠎ᠠ ᠶᠢᠨ25᠎ ᠤ ᠡᠳᠦᠷ —28᠎ ᠤ ᠡᠳᠦᠷ ᠬᠦᠷᠲᠡᠯ᠎ᠡ ᠪᠣᠯ ᠱᠠᠩᠨᠠᠯ ᠭᠠᠷᠳᠠᠬᠤ ᠴᠠᠭ ᠪᠤᠯᠤᠨ᠎ᠠ᠃      ᠳᠥᠷᠪᠡ᠂  ᠱᠠᠩᠨᠠᠬᠤ ᠵᠦᠢᠯ ᠤᠨ ᠲᠤᠬᠢᠷᠠᠭᠤᠯᠤᠯᠲᠠ       ᠲᠤᠰ ᠤᠳᠠᠭᠠᠨ ᠤ ᠡᠯᠰᠡᠬᠦ ᠠᠵᠢᠯᠯᠠᠭ᠎ᠠ ᠶᠢᠨ ᠡᠴᠦᠰ ᠤᠨ ᠰᠤᠩᠭᠤᠭᠳᠠᠭᠰᠠᠨ ᠪᠦᠲᠦᠭᠡᠯ ᠤᠨ ᠵᠢᠷᠤᠭᠯᠠᠨ ᠲᠥᠯᠥᠪᠯᠡᠭᠴᠢ ᠶᠢ 5000 ᠲᠥᠭᠦᠷᠢᠭ ᠢᠶᠠᠷ ᠱᠠᠩᠨᠠᠬᠤ ᠶᠢᠨ ᠬᠠᠮᠲᠤ ᠦᠨᠡᠮᠯᠡᠯ ᠣᠯᠭᠤᠨ᠎ᠠ︔ ᠪᠤᠰᠤᠳ 5 ᠰᠢᠯᠢᠳᠡᠭ ᠪᠦᠲᠦᠭᠡᠯ ᠤᠨ ᠵᠢᠷᠤᠭᠯᠠᠨ ᠲᠥᠯᠥᠪᠯᠡᠭᠴᠢ ᠶᠢ 1000 ᠲᠥᠭᠦᠷᠢᠭ ᠢᠶᠠᠷ ᠱᠠᠩᠨᠠᠬᠤ ᠶᠢᠨ ᠬᠠᠮᠲᠤ ᠦᠨᠡᠮᠯᠡᠯ ᠣᠯᠭᠤᠨ᠎ᠠ᠃ ᠱᠠᠩᠨᠠᠬᠤ ᠵᠦᠢᠯ ᠠᠴᠠ ᠪᠤᠶ ᠪᠣᠯᠤᠭᠰᠠᠨ ᠬᠤᠪᠢ ᠬᠥᠮᠦᠨ ᠤ ᠤᠯᠵᠠᠪᠦᠷᠢ ᠶᠢᠨ ᠭᠠᠶᠢᠯᠢ ᠶᠢ ᠱᠠᠩᠨᠠᠯ ᠤᠯᠤᠭᠰᠠᠳ ᠦᠪᠡᠷ ᠲᠡᠭᠡᠨ ᠡᠭᠦᠷᠭᠡᠯᠡᠨ᠎ᠡ᠃      ᠲᠠᠪᠤ᠂ ᠡᠬᠡ ᠪᠢᠴᠢᠭ ᠥᠭᠬᠦ ᠠᠷᠭ᠎ᠠ ᠮᠠᠶ᠋ᠢᠭ      ᠣᠷᠣᠯᠴᠠᠭᠰᠠᠳ ᠡᠯᠧᠺᠲᠷᠣᠨ ᠰᠢᠤᠳᠠᠨ ᠤ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠯ ᠢᠶᠠᠨ ᠲᠤᠰᠢᠶᠠᠨ᠎ᠠ᠃ ᠡᠬᠡ ᠪᠢᠴᠢᠭ ᠥᠭᠬᠦ ᠳᠤ ᠪᠠᠨ ᠵᠢᠷᠤᠭᠯᠠᠨ ᠲᠦᠯᠦᠪᠯᠡᠭᠰᠡᠨ ᠲᠥᠰᠦᠯ ᠤᠨ  ᠪᠦᠲᠦᠭᠡᠯᠴᠢ ᠰᠠᠨᠠᠭ᠎ᠠ ᠶᠢᠨ ᠲᠣᠳᠣᠷᠬᠠᠶᠢᠯᠠᠯᠲᠠ ︵300 ᠦᠰᠦᠭ ᠤᠷᠴᠢᠮ︶᠂ ᠵᠣᠬᠢᠶᠠᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠬᠠᠭᠤᠯᠪᠦᠷᠢ᠂ ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ᠂ ᠠᠵᠢᠯᠯᠠᠵᠤ ᠪᠠᠶᠢᠭ᠎ᠠ ᠨᠢᠭᠡᠴᠡ᠂ ᠴᠢᠮᠡᠭᠡ ᠬᠤᠯᠪᠤᠭᠠᠨ ᠤ ᠨᠡᠪᠲᠡᠷᠡᠯᠴᠡᠬᠦ ᠬᠠᠶ᠋ᠢᠭ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠳᠠᠭᠠᠯᠳᠤᠭᠤᠯᠤᠨ ᠢᠯᠡᠭᠡᠬᠦ ᠬᠡᠷᠡᠭᠲᠡᠢ᠃       ᠬᠠᠷᠢᠯᠴᠠᠬᠤ ᠬᠥᠮᠦᠨ᠄ ᠯᠢᠦ ᠰᠢᠶᠤᠤ ᠢ      ᠯᠦᠸᠧ ᠯᠢ ᠮᠧᠶ       ᠬᠠᠷᠢᠯᠴᠠᠬᠤ  ᠳ᠋ᠢᠶᠠᠩᠬᠤᠸᠠ᠄  0471 — 4826652     4825915       ᠡᠬᠡ ᠪᠢᠴᠢᠭ ᠥᠭᠬᠦ ᠰᠢᠤᠳᠠᠨ ᠬᠠᠶᠢᠷᠴᠠᠭ᠄ logozj@nmg.gov.cn      ᠠᠵᠢᠯᠯᠠᠭ᠎ᠠ ᠶᠢᠨ ᠨᠠᠷᠢᠨ ᠪᠠᠶᠢᠳᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ ᠸᠢᠴᠠᠲ ᠤᠨ ᠣᠯᠠᠨ ᠨᠡᠶᠢᠲᠡ ᠶᠢᠨ ᠲᠠᠪᠴᠠᠩ᠄ nmgzffb ᠎ ᠠᠴᠠ ᠠᠩᠬᠠᠷᠬᠤ ᠪᠤᠯᠪᠠᠤ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ       2015 ᠣᠨ ᠤ 8 ᠳ᠋ᠤᠭᠠᠷ ᠰᠠᠷ᠎ᠠ ᠶᠢᠨ 17᠎ ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号