2015 ᠣᠨ ᠤ ᠪᠦᠬᠦ ᠣᠷᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ  ᠶᠢᠨ ᠬᠠᠮᠢᠶᠠᠷᠤᠯᠲᠠ ᠶᠢᠨ ᠠᠵᠢᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2015/8/19
     8 ᠳ᠋ᠤᠭᠠᠷ ᠰᠠᠷ᠎ᠠ ᠵᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠰᠢᠨ᠎ᠡ ᠬᠤᠲᠠ ᠵᠣᠴᠢᠳ ᠤᠨ ᠪᠠᠭᠤᠳᠠᠯ ᠳᠤ 2015 ᠣᠨ ᠤ ᠪᠦᠬᠦ ᠣᠷᠣᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ  ᠶᠢᠨ ᠬᠠᠮᠢᠶᠠᠷᠤᠯᠲᠠ ᠶᠢᠨ ᠠᠵᠢᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠡᠷᠬᠢᠯᠡᠭᠴᠢ᠂ ᠨᠠᠮ ᠤᠨ ᠬᠤᠷᠢᠶ᠎ᠠ ᠶᠢᠨ ᠱᠦᠵᠢ ᠸᠧᠶ  ᠱᠤᠸᠠᠨ ᠱᠢ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠳᠡᠳ᠋ ᠡᠷᠬᠢᠯᠡᠭᠴᠢ᠂ ᠨᠠᠮ ᠤᠨ ᠬᠤᠷᠢᠶ᠎ᠠ ᠶᠢᠨ ᠭᠡᠰᠢᠭᠦᠨ ᠰᠧ ᠶᠥᠩ ᠲᠣᠤ ᠪᠦᠬᠦ ᠤᠯᠤᠰ ᠤᠨ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢ ᠬᠠᠮᠢᠶᠠᠷᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠨᠠᠮ ᠤᠨ  ᠬᠤᠷᠢᠶ᠎ᠠ ᠶᠢᠨ ᠭᠡᠰᠢᠭᠦᠨ ᠵᠣᠣ ᠭᠤᠸᠠᠩ ᠵᠢᠦ᠋ᠩ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ  ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂  ᠲᠡᠮᠲᠡᠭᠲᠦ ᠬᠢᠨᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠤᠶᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ︵ᠡᠭᠦᠨ ᠳᠤ ᠮᠠᠨᠵᠤᠤᠷ ᠬᠤᠲᠠ᠂ ᠡᠷᠢᠶᠡᠨ ᠬᠤᠲᠠ ᠪᠠᠭᠲᠠᠨ᠎ᠠ︶ ᠤᠯᠤᠰ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠪᠣᠯᠣᠨ ᠥᠪᠡᠷᠲᠡᠭᠡᠨ ᠵᠠᠰᠠᠬᠤ ᠣᠷᠣᠨ  ᠤ ᠰᠢᠭᠤᠳ ᠬᠠᠷᠢᠶ᠎ᠠ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 150 ᠭᠠᠷᠤᠢ ᠬᠥᠮᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠸᠧᠶ  ᠱᠤᠸᠠᠨ ᠱᠢ ᠡᠷᠬᠢᠯᠡᠭᠴᠢ 2014 ᠣᠨ ᠠᠴᠠ ᠨᠠᠰᠢᠬᠢ ᠪᠦᠬᠦ ᠣᠷᠣᠨ ᠤ  ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠳ᠋ᠦᠩᠨᠡᠵᠦ᠂ ᠤᠯᠤᠰ ᠤᠨ   ᠦᠮᠴᠢᠯᠡᠯ ᠤᠨ ᠡᠳ᠋ ᠬᠥᠷᠥᠩᠭᠡ ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠠᠶᠢᠳᠠᠯ ᠢ ᠵᠠᠳᠠᠯᠵᠤ᠂ ᠣᠳᠣᠬᠠᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢ ᠲᠤᠲᠤᠷᠬᠠᠶᠢᠯᠠᠬᠤ ᠶᠢᠨ ᠬᠠᠮᠲᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ  ᠳᠠᠬᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠤᠷᠠᠳᠤᠨ ᠭᠠᠷᠭᠠᠵᠤ᠂ ᠳᠠᠷᠠᠭᠠᠴᠢ ᠶᠢᠨ ᠱᠠᠲᠤᠨ ᠤ ᠭᠤᠣᠯ ᠪᠣᠯᠬᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠰᠧ ᠶᠥᠩ ᠲᠣᠤ ᠳᠡᠳ᠋ ᠡᠷᠬᠢᠯᠡᠭᠴᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ 2015 ᠣᠨ ᠤ ᠪᠦᠬᠦ ᠤᠯᠤᠰ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠣᠷᠣᠨ ᠨᠤᠲᠤᠭ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠧ ᠰᠢᠦᠢ ᠰᠢᠶᠠ 2014 ᠣᠨ ᠵᠢᠴᠢ 2015 ᠣᠨ ᠤ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠪᠦᠷᠢᠳᠬᠡᠯᠭᠡᠭᠰᠡᠨ᠂ ᠤᠯᠤᠰ ᠤᠨ ᠦᠮᠴᠢᠯᠡᠯᠲᠦ ᠥᠮᠴᠢᠯᠡᠬᠦ ᠡᠷᠬᠡ ᠶᠢ ᠠᠷᠠᠯᠵᠢᠶᠠᠯᠠᠭᠰᠠᠨ ᠪᠠ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠡᠳ᠋ ᠬᠥᠷᠥᠩᠭᠡ ᠶᠢ ᠦᠨᠡᠯᠡᠨ ᠵᠢᠱᠢᠵᠦ ᠬᠠᠷᠭᠤᠭᠤᠯᠤᠨ ᠵᠥᠪᠰᠢᠶᠡᠷᠡᠭᠦᠯᠵᠦ ᠳᠠᠩᠰᠠᠯᠠᠭᠤᠯᠬᠤ ᠵᠡᠷᠭᠡ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠦᠨᠳᠦᠰᠦᠨ ᠠᠵᠢᠯ ᠤᠨ ᠪᠠᠶᠢᠳᠠᠯ ᠢ ᠨᠡᠪᠲᠡᠷᠡᠭᠦᠯᠪᠡ᠃      ᠬᠤᠷᠠᠯ ᠨᠢ ᠳᠤᠮᠳᠠᠳᠤ ᠤᠯᠤᠰ ᠤᠨ ᠲᠡᠮᠲᠡᠭᠲᠦ ᠬᠢᠨᠠᠬᠤ ᠡᠪᠯᠡᠯ᠂ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ᠠᠵᠤ ᠠᠬᠤᠶᠢᠯᠠᠯ ᠺᠣᠮᠫᠠᠨᠢ ᠶᠢᠨ ᠵᠢᠭᠡᠯᠡᠯᠭᠡ ᠲᠠᠷᠬᠠᠭᠠᠬᠤ᠂ ᠡᠳ᠋ ᠬᠥᠷᠥᠩᠭᠡ ᠶᠢᠨ ᠦᠨᠡᠲᠦ ᠲᠡᠮᠲᠡᠭᠲᠦᠴᠢᠯᠡᠭᠰᠡᠨ ᠳᠦᠷᠢᠮ ᠤᠨ ᠲᠣᠬᠠᠢ ᠲᠤᠰᠬᠠᠶ ᠰᠡᠳᠦᠪ ᠤᠨ ᠲᠠᠶᠢᠯᠦᠮᠵᠢ ᠬᠢᠯᠭᠡᠪᠡ︔ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠬᠠᠷᠢᠭᠤᠴᠠᠵᠤ ᠪᠠᠶᠢᠭ᠎ᠠ ᠨᠥᠬᠦᠳ 2014- 2015 ᠣᠨ ᠳᠤ ᠨᠡᠶᠢᠲᠡᠯᠡᠭᠰᠡᠨ ᠥᠮᠴᠢᠯᠡᠬᠦ ᠡᠷᠬᠡ ᠶᠢᠨ ᠠᠷᠠᠯᠵᠢᠶᠠᠨ ᠤ ᠳᠦᠷᠢᠮ ᠳᠤ ᠲᠠᠶᠢᠯᠤᠮᠵᠢ ᠬᠢᠭᠰᠡᠨ ᠪᠦᠭᠡᠳ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠳᠤ ᠴᠢᠭᠯᠡᠭᠦᠯᠦᠨ ᠡᠳ᠋ ᠬᠦᠷᠦᠩᠭᠡ ᠶᠢ ᠦᠨᠡᠯᠡᠨ  ᠵᠢᠱᠢᠵᠦ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶ᠎ᠠ ᠪᠦᠬᠦᠢ ᠠᠵᠢᠯᠯᠠᠭ᠎ᠠ ᠶᠢᠨ ᠪᠣᠯᠪᠠᠰᠤᠷᠠᠭᠤᠯᠤᠯ ᠬᠢᠪᠡ︔ ᠥᠪᠥᠷ ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠤᠨ ᠶᠡᠷᠦᠩᠬᠡᠶ ᠳᠠᠭᠠᠭᠠᠮᠠᠯ ᠬᠤᠷᠠᠯ ᠳᠤ ᠣᠷᠣᠯᠴᠠᠭᠰᠠᠨ ᠲᠦᠯᠦᠭᠡᠯᠡᠭᠴᠢᠳ ᠲᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠬᠤ ᠠᠵᠢᠯᠯᠠᠭ᠎ᠠ ᠶᠢᠨ ᠪᠣᠳᠠᠲᠤ ᠶᠠᠪᠤᠳᠠᠯ ᠢ ᠲᠠᠨᠢᠯᠴᠠᠭᠤᠯᠪᠠ᠃ ᠬᠤᠷᠠᠯ ᠳᠤ ᠪᠠᠰᠠ ᠬᠡᠰᠡᠭ ᠠᠶᠢᠮᠠᠭ ᠬᠤᠲᠠ ᠶᠢᠨ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠶᠢ ᠤᠷᠢᠵᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠯᠤᠭ᠎ᠠ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ ᠲᠤᠰ ᠲᠤᠰ ᠲᠤᠷᠰᠢᠯᠭ᠎ᠠ ᠪᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠬᠠᠯᠠᠭᠤᠨ ᠲᠤᠰᠬᠠᠯ ᠣᠯᠣᠭᠰᠠᠨ ᠶᠤᠮ᠃      ᠲᠤᠰ ᠤᠳᠠᠭᠠᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠤᠨ ᠵᠣᠷᠢᠯᠭ᠎ᠠ ᠪᠣᠯ ᠪᠦᠬᠦ ᠤᠯᠤᠰ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ  ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠠᠵᠤ ᠠᠬᠤᠶᠢᠯᠠᠯ᠂ ᠠᠶᠢᠮᠠᠭ ᠬᠤᠲᠠ ᠶᠢᠨ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠰᠠᠯᠠᠭ᠎ᠠ ᠮᠥᠴᠢᠷ ᠤᠨ ︽ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠨ ᠤ ᠵᠡᠷᠭᠡᠴᠡᠭᠡᠪᠡᠷ᠂ ᠪᠦᠬᠦ ᠣᠷᠣᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠵᠦ᠂  ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠠᠷᠭ᠎ᠠ ᠬᠡᠯᠪᠡᠷᠢ ᠠᠷᠭ᠎ᠠ ᠮᠠᠶ᠋ᠢᠭ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠠᠪᠤᠳᠠᠯ ᠪᠣᠯᠣᠨ᠎ᠠ᠃  ᠬᠤᠷᠠᠯ ᠨᠢ 8 ᠳ᠋ᠤᠭᠠᠷ ᠰᠠᠷ᠎ᠠ ᠶᠢᠨ 14 ᠤ ᠡᠳᠦᠷ ᠠᠮᠵᠢᠯᠲᠠ ᠲᠠᠢ ᠪᠠᠷ ᠲᠡᠭᠦᠰᠴᠦ᠂ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号