ᠦᠬᠠᠶ ᠬᠤᠲᠠ ᠱᠢ ᠽᠦᠢ ᠱᠠᠨ ᠬᠤᠲᠠ ᠯᠤᠭ᠎ᠠ ᠣᠷᠣᠨ ᠪᠦᠰᠡ ᠶᠢᠨ ᠣᠷᠴᠢᠨ ᠲᠣᠭᠤᠷᠢᠨ ᠤ ᠪᠣᠬᠢᠷᠲᠤᠯ ᠢ ᠬᠠᠮᠲᠤᠷᠠᠨ ᠰᠡᠷᠭᠡᠶᠢᠯᠡᠬᠦ ᠬᠠᠮᠲᠤᠷᠠᠨ ᠡᠵᠡᠮᠳᠡᠬᠦ ᠶᠢ ᠥᠷᠨᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2015/8/20
    ᠣᠷᠴᠢᠮᠬᠠᠨ᠂ ᠦᠬᠠᠶ ᠬᠤᠲᠠ ᠬᠢᠭᠡᠳ ᠬᠥᠷᠰᠢ ᠵᠡᠷᠭᠡᠯᠡᠳᠡᠭᠡ ᠪᠠᠶᠢᠭ᠎ᠠ ᠨᠢᠩᠰᠢᠶᠠ ᠶᠢᠨ ᠱᠢ ᠽᠦᠢ ᠱᠠᠨ ᠬᠤᠲᠠ ᠯᠤᠭ᠎ᠠ ᠣᠷᠣᠨ ᠬᠡᠪᠴᠢᠶᠡᠨ ᠤ ᠣᠷᠴᠢᠨ ᠲᠣᠭᠤᠷᠢᠨ ᠤ ᠪᠣᠬᠢᠷᠲᠤᠯ ᠢ ᠬᠠᠮᠲᠤᠷᠠᠨ ᠰᠡᠷᠭᠡᠶᠢᠯᠡᠬᠦ ᠬᠠᠮᠲᠤᠷᠠᠨ ᠡᠵᠡᠮᠳᠡᠬᠦ ᠵᠥᠪᠯᠡᠯᠴᠡᠭᠡᠷ ᠲᠣᠬᠢᠷᠠᠯᠴᠠᠪᠠ᠃ ᠢᠷᠡᠭᠡᠳᠦᠶ ᠳᠤ ᠬᠤᠶᠠᠷ ᠲᠠᠯ᠎ᠠ ᠪᠠᠷ ᠢᠶᠠᠨ ᠭᠠᠵᠠᠷ ᠣᠷᠣᠨ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠪᠣᠬᠢᠷᠲᠤᠯ ᠢ ᠬᠠᠮᠲᠤᠷᠠᠨ ᠡᠵᠡᠮᠳᠡᠬᠦ᠂ ᠬᠠᠮᠲᠤᠷᠠᠨ ᠬᠢᠨᠠᠨ ᠬᠡᠮᠵᠢᠬᠦ ᠪᠠ ᠰᠡᠷᠡᠮᠵᠢᠯᠡᠭᠦᠯᠬᠦ ᠲᠣᠭᠲᠠᠴᠠ ᠪᠠᠶᠢᠭᠤᠯᠵᠤ᠂ ᠵᠠᠭᠠᠭ ᠠᠯᠤᠰᠯᠠᠭᠰᠠᠨ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠪᠠᠶᠢᠭᠤᠯᠬᠤ ᠵᠡᠷᠭᠡ ᠲᠠᠯ᠎ᠠ ᠪᠠᠷ ᠠᠯᠢ ᠣᠯᠠᠨ ᠬᠤᠷᠰᠢᠯᠴᠠᠭ᠎ᠠ ᠶᠢ ᠥᠷᠨᠢᠭᠦᠯᠬᠦ ᠪᠣᠯᠣᠨ᠎ᠠ᠃ ᠲᠤᠰ ᠵᠥᠪᠯᠡᠯᠴᠡᠭᠡᠷ ᠢ ᠲᠣᠬᠢᠷᠠᠯᠴᠠᠭᠰᠠᠨ ᠶᠠᠪᠤᠳᠠᠯ ᠨᠢ᠂ ᠣᠷᠣᠨ ᠪᠦᠰᠡ ᠶᠢᠨ ᠳᠣᠲᠣᠷᠠᠬᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠵᠥᠪᠯᠡᠯᠴᠡᠭᠡᠷ ᠤᠨ ᠶᠣᠰᠣᠭᠠᠷ᠂ ᠬᠤᠶᠠᠷ ᠬᠤᠲᠠ ᠨᠢ ᠬᠤᠶᠠᠷ ᠭᠠᠵᠠᠷ ᠤᠨ ᠵᠠᠭᠠᠭ ᠠᠯᠤᠰᠯᠠᠭᠰᠠᠨ ᠬᠠᠲᠤᠨ ᠭᠤᠣᠯ᠂ ᠲᠣᠰᠣᠲᠤ ᠶᠢᠨ ᠭᠤᠣᠯ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠭᠤᠣᠯᠳᠠᠯᠭ᠎ᠠ ᠪᠣᠯᠭᠠᠬᠤ ᠶᠢᠨ ᠬᠠᠮᠲᠤ ᠲᠤᠰ ᠲᠤᠰ ᠤᠨ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠰᠠᠪᠠ ᠭᠠᠵᠠᠷ ᠢ ᠬᠠᠮᠠᠭᠠᠯᠠᠬᠤ ᠪᠠ ᠪᠣᠬᠢᠷᠲᠤᠯ ᠢ ᠰᠡᠷᠭᠡᠶᠢᠯᠡᠨ ᠡᠵᠡᠮᠳᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ᠎ᠠ᠃ ᠡᠭᠦᠨ ᠤ ᠬᠠᠮᠲᠤ ᠪᠣᠬᠢᠷ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠵᠠᠰᠠᠬᠤ ᠠᠷᠭ᠎ᠠ ᠬᠡᠮᠵᠢᠶ᠎ᠡ ᠪᠠᠨ ᠨᠢᠭᠡᠳᠦᠯᠲᠡᠢ ᠪᠣᠯᠭᠠᠬᠤ ᠶᠢᠨ ᠬᠠᠮᠲᠤ ᠣᠷᠣᠨ ᠪᠦᠰᠡ ᠶᠢᠨ ᠳᠣᠲᠣᠷᠠᠬᠢ ᠴᠠᠬᠢᠯᠭᠠᠨ ᠬᠦᠴᠦᠨ᠂ ᠬᠡᠦᠷᠰᠢᠭᠦᠯᠬᠦ᠂ ᠱᠦᠢᠨᠢ᠂ ᠪᠣᠯᠣᠳ ᠲᠡᠮᠦᠷ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠬᠤᠶᠠᠷ ᠲᠠᠯ᠎ᠠ ᠪᠠᠷ ᠢᠶᠠᠨ ᠣᠷᠣᠨ ᠪᠦᠰᠡ ᠶᠢᠨ ᠲᠣᠲᠣᠷᠠᠬᠢ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠣᠷᠣᠨ ᠪᠦᠰᠡ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠣᠷᠣᠬᠤ ᠶᠢ ᠵᠥᠪᠰᠢᠶᠡᠷᠡᠬᠦ ᠪᠠ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠦᠢᠯᠡᠳᠪᠦᠷᠢᠯᠡᠬᠦ ᠴᠢᠳᠠᠪᠤᠷᠢ ᠨᠢ ᠦᠯᠡᠭᠦᠳᠡᠭᠰᠡᠨ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠴᠢᠩᠭ᠎ᠠ ᠬᠢᠵᠠᠭᠠᠷᠯᠠᠨ᠎ᠠ᠃ ᠡᠭᠦᠨ ᠤ ᠬᠠᠮᠲᠤ᠂ ᠬᠠᠮᠲᠤᠷᠠᠨ ᠬᠢᠨᠠᠨ ᠬᠡᠮᠵᠢᠬᠦ ᠪᠠ ᠰᠡᠷᠡᠮᠵᠢᠯᠡᠭᠦᠯᠬᠦ ᠲᠣᠭᠲᠠᠴᠠ ᠪᠠᠶᠢᠭᠤᠯᠵᠤ᠂ ᠮᠤᠵᠢ ᠶᠢᠨ ᠵᠠᠭᠠᠭ ᠤᠨ ᠤᠰᠤᠨ ᠤ ᠴᠢᠨᠠᠷ ᠤᠨ ᠣᠭᠲᠣᠯᠣᠭᠠᠰᠤ ᠶᠢᠨ ᠡᠳᠦᠷ ᠲᠤᠲᠤᠮ ᠤᠨ ᠬᠢᠨᠠᠨ ᠰᠢᠯᠭᠠᠬᠤ ᠪᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠵᠠᠭᠠᠭ ᠠᠯᠤᠰᠯᠠᠭᠰᠠᠨ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠢᠶᠠᠨ ᠴᠢᠩᠭᠠᠷᠠᠭᠤᠯᠬᠤ᠂ ᠵᠠᠭᠠᠭ ᠠᠯᠤᠰᠯᠠᠭᠰᠠᠨ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠢ ᠬᠠᠮᠵᠢᠯᠴᠠᠨ ᠠᠷᠭᠠᠴᠠᠨ ᠰᠢᠢᠳᠪᠦᠷᠢᠯᠡᠨ᠎ᠡ᠃ ᠬᠤᠶᠠᠷ ᠬᠤᠲᠠ ᠨᠢ ᠪᠠᠰᠠ ᠵᠠᠭᠠᠭ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠪᠠ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠪᠠᠶᠢᠭᠤᠯᠬᠤ ᠪᠠᠷ ᠲᠣᠭᠲᠠᠵᠤ᠂ ᠵᠠᠭᠠᠭ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠡᠭᠦᠰᠪᠡᠯ᠂ ᠬᠤᠶᠠᠷ ᠲᠠᠯ᠎ᠠ ᠪᠠᠷ ᠢᠶᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠵᠦ᠂ ᠰᠢᠢᠳᠪᠦᠷᠢᠯᠡᠬᠦ ᠰᠠᠨᠠᠯ ᠢᠶᠠᠨ ᠵᠣᠬᠢᠴᠠᠭᠤᠯᠬᠤ ᠪᠣᠯᠣᠨ᠎ᠠ᠃ ᠡᠭᠦᠨ ᠤ ᠬᠠᠮᠲᠤ ᠵᠠᠭᠠᠭ ᠠᠯᠤᠰᠯᠠᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ᠬᠤᠶᠠᠷ ᠡᠲᠡᠭᠡᠳ ᠤᠨ ᠬᠢᠨ ᠠᠵᠢᠯᠯᠠᠭ᠎ᠠ ᠪᠠᠨ ᠵᠣᠬᠢᠴᠠᠭᠤᠯᠵᠤ᠂ ᠬᠠᠮᠲᠤ ᠪᠠᠷ ᠴᠣᠬᠢᠯᠲᠠ ᠥᠭᠴᠦ᠂ ᠣᠷᠣᠨ ᠪᠦᠰᠡ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠪᠣᠯᠤᠨ᠎ᠠ᠃     ᠡᠭᠦᠨ ᠠᠴᠠ ᠭᠠᠳᠠᠨ᠎ᠠ᠂ ᠬᠤᠶᠠᠷ ᠬᠤᠲᠠ ᠣᠷᠴᠢᠨ ᠲᠣᠭᠤᠷᠢᠨ ᠢ ᠬᠠᠮᠠᠭᠠᠯᠠᠬᠤ ᠬᠠᠮᠲᠤᠷᠠᠭᠰᠠᠨ ᠬᠤᠷᠠᠯᠳᠤᠭᠠᠨ ᠤ ᠳᠦᠷᠢᠮ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠪᠠᠷ ᠬᠠᠮᠲᠤᠷᠠᠭᠰᠠᠨ ᠬᠤᠷᠠᠯᠳᠤᠭᠠᠨ ᠬᠤᠷᠠᠯᠳᠤᠭᠤᠯᠵᠤ᠂ ᠵᠠᠭᠠᠭ ᠠᠯᠤᠰᠯᠠᠭᠰᠠᠨ ᠠᠭᠠᠷ ᠮᠠᠨᠳᠠᠯ ᠪᠣᠯᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠬᠤ ᠶᠢᠨ ᠬᠠᠮᠲᠤ ᠠᠵᠢᠯ ᠤᠨ ᠲᠤᠷᠰᠢᠯᠭ᠎ᠠ ᠪᠠᠨ ᠰᠣᠯᠢᠯᠴᠠᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号