ᠲᠦᠩᠯᠢᠶᠣᠤ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠬᠥᠭᠵᠢᠯᠲᠡ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2015/8/20
     ︽12.5︾᠎ ᠠᠴᠠ ᠨᠠᠰᠢ᠂ ᠲᠦᠩᠯᠢᠶᠣᠤ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ ᠬᠥᠭᠵᠢᠯᠲᠡ ᠶᠢᠨ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠪᠠ᠂ ᠪᠦᠬᠦ ᠬᠤᠲᠠ ᠪᠠᠷ ᠢᠶᠠᠨ ᠲᠡᠮᠦᠷ ᠵᠠᠮ ᠤᠨ ᠡᠵᠡᠩᠨᠡᠭᠰᠡᠨ ᠵᠠᠮ ᠤᠨ ᠤᠷᠲᠤ ᠶᠢ ᠰᠢᠨ᠎ᠡ ᠪᠠᠷ 141.8 ᠺᠢᠯᠣᠮᠧᠲᠷ ᠨᠡᠮᠡᠭᠳᠡᠭᠦᠯᠵᠦ᠂ ᠳᠡᠭᠡᠳᠦ ᠵᠡᠷᠭᠡ ᠶᠢᠨ ᠵᠠᠰᠠᠮᠠᠯ ᠵᠠᠮ 503 ᠺᠢᠯᠣᠮᠧᠲᠷ᠂ ᠲᠣᠰᠬᠤᠨ ᠳᠤ ᠨᠡᠪᠲᠡᠷᠬᠦ ᠵᠠᠰᠠᠮᠠᠯ ᠵᠠᠮ 7552 ᠺᠢᠯᠣᠮᠧᠲᠷ ᠰᠢᠨ᠎ᠡ ᠨᠡᠮᠡᠭᠳᠡᠭᠦᠯᠵᠦ᠂ ᠬᠤᠲᠠ ᠶᠢᠨ ᠵᠠᠮ ᠢ 1300 ᠲᠦᠮᠡᠨ ᠲᠡᠭᠰᠢ ᠳᠥᠷᠪᠡᠯᠵᠢᠨ ᠮᠧᠲᠷ ᠵᠠᠰᠠᠨ ᠰᠢᠨᠡᠳᠬᠡᠵᠦ᠂ ᠲᠡᠭᠡᠭᠡᠪᠦᠷᠢ ᠡᠵᠡᠩᠨᠡᠭᠰᠡᠨ ᠠᠶᠠᠯᠠᠯ ᠤᠨ ᠱᠤᠭᠤᠮ 19᠂ ᠠᠶᠠᠯᠠᠯ ᠨᠡᠪᠲᠡᠷᠡᠭᠰᠡᠨ ᠬᠤᠲᠠ 22 ᠪᠠᠶᠢᠵᠤ᠂ ᠡᠨᠡ ᠵᠢᠯ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠨ ᠣᠷᠣᠭᠤᠯᠵᠤ ᠭᠠᠷᠭᠠᠬᠤ ᠬᠡᠮᠵᠢᠶ᠎ᠡ 100 ᠲᠦᠮᠡᠨ ᠬᠥᠮᠦᠨ ᠤᠳᠠᠭ᠎ᠠ ᠳᠤ ᠬᠦᠷᠬᠦ ᠪᠣᠯᠤᠯᠴᠠᠭ᠎ᠠ ᠲᠠᠢ ᠪᠠᠶᠢᠭ᠎ᠠ ᠪᠥᠭᠡᠳ ᠬᠡᠢ ᠳᠠᠮᠵᠢᠭᠤᠯᠬᠤ ᠴᠢᠳᠠᠪᠤᠷᠢ ᠶᠢ 5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ᠂ ᠤᠰᠤᠨ ᠤ ᠡᠬᠢ ᠪᠠᠶᠠᠯᠢᠭ ᠢ ᠪᠠᠲᠤᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠲᠠᠪᠤᠨ ᠶᠡᠭᠡ ᠠᠮᠢ ᠠᠬᠤᠶ ᠶᠢᠨ ᠴᠢᠳᠠᠮᠵᠢᠲᠤ ᠣᠷᠣᠨ ᠤ ᠪᠠᠶᠢᠷᠢᠰᠢᠯ ᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠥ︾᠎ ᠶᠢᠨ ᠶᠡᠷᠦᠩᠬᠡᠶᠢᠯᠡᠨ ᠵᠠᠰᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ 4 ᠵᠢᠱᠢᠶ᠎ᠡ ᠦᠵᠡᠭᠦᠯᠬᠦ ᠣᠷᠣᠨ ᠵᠡᠷᠭᠡ ᠴᠢᠬᠤᠯᠠ ᠶᠡᠭᠡ ᠠᠮᠢ ᠠᠬᠤᠶ ᠶᠢᠨ ᠢᠨᠵᠢᠨᠧᠷᠢᠩ ᠢ ᠬᠡᠷᠡᠭᠵᠢᠭᠦᠯᠵᠦ ᠂ ᠣᠶ ᠡᠪᠡᠰᠦ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠲᠤᠰ ᠲᠤᠰ 724 ᠲᠦᠮᠡᠨ ᠮᠥ᠂ 2521 ᠲᠦᠮᠡᠨ ᠮᠥ ᠪᠡᠶᠡᠯᠡᠭᠦᠯᠵᠦ᠂ ᠠᠮᠵᠢᠯᠲᠠ ᠲᠠᠢ ᠪᠠᠷ ︽ᠤᠯᠤᠰ ᠤᠨ ᠴᠡᠴᠡᠷᠯᠢᠭᠲᠦ ᠬᠤᠲᠠ︾ ᠪᠣᠯᠭᠠᠨ ᠡᠭᠦᠳᠦᠨ ᠪᠠᠶᠢᠭᠤᠯᠵᠤ᠂ ︽ᠤᠯᠤᠰ ᠤᠨ ᠣᠶ ᠰᠢᠭᠤᠶ ᠶᠢᠨ ᠬᠤᠲᠠ︾᠎ ᠶᠢ ᠲᠦᠷᠭᠡᠳᠬᠡᠨ ᠪᠠᠶᠢᠭᠤᠯᠵᠤ᠂ ᠣᠶ ᠡᠪᠡᠰᠦ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠤᠰ ᠲᠤᠰ 27.2% ᠪᠠ 58 %᠎ ᠳᠤ ᠬᠦᠷᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号