ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠵᠢᠨ‌ᠠᠩᠬᠠᠳᠠᠭᠴᠢ ᠨᠡᠶᠢᠳᠡᠮ ᠪᠠᠶᠢᠴᠠᠭᠠᠬᠤ᠂ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠨᠡᠪᠲᠡᠷᠡᠭᠦᠯᠭᠡ
ᠨᠡᠶᠢᠲᠡᠯᠡᠭᠰᠡᠨ ᠴᠠᠭ᠄
2015/8/20
      ︽ᠠᠩᠬᠠᠳᠡᠬᠢ ᠤᠳᠠᠭ᠎ᠠ ᠶᠢᠨ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠠᠩᠬᠠᠳᠠᠭᠴᠢ ᠨᠡᠶᠢᠳᠡᠮ ᠪᠠᠶᠢᠴᠠᠭᠠᠯᠲᠠ ᠬᠢᠬᠦ ᠲᠤᠬᠠᠢ ᠲᠦᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 15 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ ᠶᠢᠨ ᠱᠠᠲᠤᠨ ᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ 8 ᠳ᠋ᠤᠭᠠᠷ ᠰᠠᠷ᠎ᠠ ᠶᠢᠨ 31᠎ ᠤ ᠡᠳᠦᠷ ᠳᠠᠭᠤᠰᠤᠨ᠎ᠠ᠃ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ ᠤᠨ 8 ᠳ᠋ᠤᠭᠠᠷ ᠰᠠᠷ᠎ᠠ ᠶᠢᠨ 16᠎ ᠤ ᠡᠳᠦᠷ ᠤᠨ ᠲᠤᠭ᠎ᠠ ᠪᠠᠷᠢᠮᠲᠠ ᠠᠴᠠ ᠦᠵᠡᠪᠡᠯ᠂ ᠪᠦᠬᠦ ᠣᠷᠣᠨ ᠤ ᠵᠠᠰᠠᠭ ᠤᠨ ᠣᠷᠳᠣᠨ ᠤ 3048 ᠰᠦᠯᠵᠢᠶ᠎ᠡ ᠶᠢᠨ 1577᠎ ᠨᠢ ᠨᠢᠭᠡᠨᠲᠡ ᠦᠪᠡᠷ ᠢᠶᠠᠨ ᠪᠠᠶᠢᠴᠠᠭᠠᠵᠤ ᠬᠤᠪᠢ ᠣᠯᠭᠤᠬᠤ ᠪᠠ ᠳᠡᠭᠡᠳᠦ ᠱᠠᠲᠤᠨ ᠤ ᠵᠣᠬᠢᠶᠠᠨ ᠪᠠᠶᠢᠭᠤᠯᠤᠭᠰᠠᠨ ᠶᠢᠨ ᠨᠢᠭᠡᠴᠡ ᠶᠢᠨ ᠬᠢᠨᠠᠨ ᠪᠠᠶᠢᠴᠠᠭᠠᠵᠤ ᠬᠤᠪᠢ ᠣᠯᠭᠤᠯᠬᠤ ᠶᠢ ᠪᠡᠶᠡᠯᠡᠭᠦᠯᠵᠦ᠂ ᠪᠦᠬᠦ ᠰᠦᠯᠵᠢᠶ᠎ᠡ ᠶᠢᠨ 31.87%᠎ ᠶᠢ ᠡᠵᠡᠯᠡᠵᠦ᠂ ᠪᠦᠬᠦᠯᠢ ᠴᠣᠭᠴᠠ ᠶᠢᠨ ᠬᠢᠷᠢ ᠲᠡᠩᠴᠡᠭᠰᠡᠨ ᠨᠣᠷᠮ᠎ᠠ 96.27%᠎ ᠳᠤ ᠬᠦᠷᠴᠠᠢ᠂ ᠥᠭᠡᠷ᠎ᠡ 286 ᠰᠦᠯᠵᠢᠶ᠎ᠡ  ᠎ ᠨᠢ ︽ᠦᠨᠢᠳᠡ ᠬᠠᠭᠠᠨ ᠵᠣᠭᠰᠣᠭᠠᠬᠤ︾ ᠭᠤᠶᠤᠴᠢᠯᠠᠯ ᠳᠡᠪᠰᠢᠭᠦᠯᠵᠦ᠂ 9 ᠰᠦᠯᠵᠢᠶ᠎ᠡ ︽ᠠᠰᠳᠠᠭᠠᠨ ᠰᠦᠯᠵᠢᠶ᠎ᠡ︾᠎  ᠪᠤᠯᠭᠠᠬᠤ ᠶᠢ ᠭᠤᠶᠤᠴᠢᠯᠠᠪᠠ᠃      ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠶᠢᠨ ᠪᠠᠶᠢᠳᠠᠯ ᠠᠴᠠ ᠦᠵᠡᠪᠡᠯ᠂ ᠬᠡᠰᠡᠭ ᠪᠦᠯᠦᠭ ᠠᠶᠢᠮᠠᠭ ᠬᠤᠲᠠ ᠪᠣᠯᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠰᠠᠭᠤᠳᠠᠯ ᠣᠷᠣᠰᠢᠵᠤ  ᠪᠠᠶᠢᠨ᠎ᠠ᠂ ᠨᠢᠭᠡ ᠳᠤ ᠠᠬᠢᠴᠠ ᠤᠳᠠᠭᠠᠨ ᠪᠠᠶᠢᠨ᠎ᠠ᠃ ᠥᠪᠥᠷ ᠮᠣᠩᠭᠤᠯ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠦᠯᠵᠢᠶ᠎ᠡ᠂ ᠥᠪᠥᠷ ᠮᠣᠩᠭᠤᠯ ᠤᠨ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠨᠡᠶᠢᠭᠡᠮᠯᠢᠭ ᠎ ᠤᠨ ᠰᠦᠯᠵᠢᠶ᠎ᠡ᠂ ᠥᠪᠥᠷ ᠮᠣᠩᠭᠤᠯ ᠤᠨ ᠨᠢᠭᠲᠠᠯᠠᠨ ᠪᠣᠳᠣᠯᠲᠠ ᠶᠢᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠣᠯᠤᠨ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ  ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠬᠤ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠦᠯᠵᠢᠶ᠎ᠡ᠂ ᠥᠪᠥᠷ ᠮᠣᠩᠭᠤᠯ ᠤᠨ ᠣᠷᠣᠨ ᠰᠠᠭᠤᠴᠠ ᠪᠤᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠬᠠᠮᠢᠶᠠᠷᠤᠯᠲᠠ ᠶᠢᠨ ᠰᠢᠰᠲ᠋ᠧᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ ᠦᠷ᠎ᠡ ᠶᠢᠨ ᠴᠢᠬᠢ ᠶᠢᠨ ᠰᠦᠯᠵᠢᠶ᠎ᠡ᠂ ᠥᠪᠥᠷ ᠮᠣᠩᠭᠤᠯ ᠤᠨ ᠣᠷᠣᠨ ᠤ ᠪᠠᠶᠢᠳᠠᠯ ᠤᠨ ᠰᠦᠯᠵᠢᠶ᠎ᠡ᠂ ᠥᠪᠥᠷ ᠮᠣᠩᠭᠤᠯ ᠤᠨ ᠠᠮᠤ ᠪᠤᠳᠠᠭ᠎ᠠ ᠶᠢᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠶ ᠡᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠧᠨᠵᠧᠨ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠮᠣᠩᠭᠤᠯᠴᠤᠳ ᠰᠦᠯᠵᠢᠶ᠎ᠡ᠂ ᠦᠪᠦᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠤᠯᠤᠨ ᠡᠮ ᠤᠨ ᠵᠦᠢᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋  ᠲᠧᠯᠸᠢᠰ ᠤᠨ ᠲᠤᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ᠂ ᠥᠪᠥᠷ ᠮᠣᠩᠭᠤᠯ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠬᠢᠨᠠᠨ ᠪᠠᠶᠢᠴᠠᠭᠠᠬᠤ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠰᠤᠷᠭᠠᠨ ᠬᠥᠮᠦᠵᠢᠯ᠂ ᠥᠪᠥᠷ ᠮᠣᠩᠭᠤᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠦᠯᠵᠢᠶ᠎ᠡ᠂ ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠲᠢᠩᠬᠢᠮ ᠤᠨ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ  ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠥᠪᠥᠷ ᠮᠣᠩᠭᠤᠯ ᠤᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠰᠦᠯᠵᠢᠶ᠎ᠡ᠂ ᠥᠪᠥᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠰᠦᠯᠵᠢᠶ᠎ᠡ᠂ ᠥᠪᠥᠷ ᠮᠣᠩᠭᠤᠯ ᠤᠨ ᠮᠠᠯ ᠡᠮᠨᠡᠯᠭᠡ᠂ ᠥᠪᠥᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠨ ᠵᠠᠬᠢᠷᠬᠤ ᠨᠡᠬᠡᠮᠵᠢᠯᠡᠬᠦ ᠮᠡᠳᠡᠭᠡ ᠵᠠᠩᠬᠢ ᠶᠢᠨ ᠲᠠᠪᠴᠠᠩ᠂ ᠥᠪᠥᠷ ᠮᠣᠩᠭᠤᠯ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠢ ᠬᠠᠮᠠᠭᠠᠯᠠᠬᠤ ᠤᠷᠭᠤᠮᠠᠯ ᠤᠨ ᠪᠠᠶᠢᠴᠠᠭᠠᠯᠲᠠ ᠶᠢᠨ ᠰᠦᠯᠵᠢᠶ᠎ᠡ ᠵᠡᠷᠭᠡ 43 ᠰᠦᠯᠵᠢᠶ᠎ᠡ ᠶᠢᠨ ᠭᠤᠣᠯ ᠡᠷᠬᠢᠯᠡᠭᠴᠢ ᠨᠢᠭᠡᠴᠡ ᠥᠪᠡᠰᠦᠪᠡᠨ ᠪᠠᠶᠢᠴᠠᠭᠠᠭᠰᠠᠨ ᠪᠠ ᠪᠠᠶᠢᠴᠠᠭᠠᠵᠤ ᠬᠤᠪᠢ  ᠣᠯᠭᠤᠭᠰᠠᠨ ᠪᠠᠶᠢᠳᠠᠯ ᠢᠶᠠᠨ ᠲᠤᠰᠢᠶᠠᠭᠠᠳᠤᠢ ᠪᠠᠶᠢᠨ᠎ᠠ︔ ᠣᠨᠴᠠ ᠵᠠᠷᠢᠮ ᠠᠶᠢᠮᠠᠭ ᠬᠤᠲᠠ ᠶᠢᠨ ᠪᠠᠶᠢᠴᠠᠭᠠᠵᠤ ᠬᠤᠪᠢ ᠣᠯᠭᠤᠬᠤ ᠠᠵᠢᠯᠯᠠᠭ᠎ᠠ ᠶᠢ ᠦᠷᠨᠢᠭᠦᠯᠦᠭᠡᠳᠦᠢ ᠰᠦᠯᠵᠢᠶ᠎ᠡ ᠨᠢ 100 ᠢᠯᠡᠭᠦᠦ ᠪᠠᠶᠢᠨ᠎ᠠ᠃ ᠬᠤᠶᠠᠷ ᠲᠤ ︽ᠠᠰᠳᠠᠭᠠᠨ ᠰᠦᠯᠵᠢᠶ᠎ᠡ︾ ᠪᠠ ︽ᠬᠠᠭᠠᠬᠤ ᠵᠣᠭᠰᠣᠭᠠᠬᠤ ᠨᠡᠶᠢᠯᠡᠭᠦᠯᠬᠦ ᠰᠢᠯᠵᠢᠭᠦᠯᠬᠦ︾᠎ ᠪᠠᠷ ᠳᠤᠷ᠎ᠠ ᠪᠠᠷ ᠢᠶᠠᠨ ᠭᠤᠶᠤᠴᠢᠯᠠᠵᠤ ᠪᠠᠶᠢᠨ᠎ᠠ᠃ ᠣᠨᠴᠠ ᠵᠠᠷᠢᠮ ᠠᠶᠢᠮᠠᠭ ᠬᠤᠲᠠ ︽ᠠᠰᠳᠠᠭᠠᠨ ᠰᠦᠯᠵᠢᠶ᠎ᠡ︾ ᠪᠠ ︽ᠬᠠᠭᠠᠬᠤ ᠵᠣᠭᠰᠣᠭᠠᠬᠤ ᠨᠡᠶᠢᠯᠡᠭᠦᠯᠬᠦ ᠰᠢᠯᠵᠢᠭᠦᠯᠬᠦ︾ ᠰᠦᠯᠵᠢᠶ᠎ᠡ ᠳᠠᠬᠢ ᠬᠢᠨᠠᠨ ᠰᠢᠯᠭᠠᠯᠲᠠ ᠨᠢ ᠰᠣᠯᠠ᠂ ᠵᠠᠭᠠᠭ ᠱᠣᠭᠤᠮ ᠨᠢ ᠲᠤᠳᠤ ᠪᠤᠰᠤ ᠪᠠᠶᠢᠵᠤ᠂ ︽ᠠᠰᠳᠠᠭᠠᠨ ᠰᠦᠯᠵᠢᠶ᠎ᠡ︾ ᠪᠠ ︽ᠬᠠᠭᠠᠬᠤ ᠵᠣᠭᠰᠣᠭᠠᠬᠤ ᠨᠡᠶᠢᠯᠡᠭᠦᠯᠬᠦ ᠰᠢᠯᠵᠢᠭᠦᠯᠬᠦ︾᠎ ᠨᠢ ᠬᠡᠰᠡᠭ ᠪᠦᠯᠦᠭ ᠰᠦᠯᠵᠢᠶ᠎ᠡ ᠶᠢᠨ ᠪᠠᠶᠢᠴᠠᠭᠠᠬᠤ ᠠᠴᠠ ᠵᠠᠶᠢᠯᠠᠬᠤ ᠶᠢᠨ ︽ᠬᠠᠯᠬᠠᠪᠴᠢ︾ ᠪᠣᠯᠤᠭᠰᠠᠨ ᠪᠠᠶᠢᠨ᠎ᠠ᠃ ᠰᠤᠭᠤᠴᠠᠨ ᠪᠠᠶᠢᠴᠠᠭᠠᠭᠰᠠᠨ ᠢᠶᠠᠷ᠂ 20% ᠰᠢᠬᠠᠮ ᠤᠨ ︽ᠠᠰᠳᠠᠭᠠᠨ ᠰᠦᠯᠵᠢᠶ᠎ᠡ︾ ᠰᠦᠯᠵᠢᠶ᠎ᠡ ᠶᠢᠨ ᠭᠤᠶᠤᠴᠢᠯᠠᠭᠰᠠᠨ ᠤᠴᠢᠷ ᠰᠢᠯᠲᠠᠭᠠᠨ ᠨᠢ ᠭᠦᠢᠴᠡᠳ ᠦᠭᠡᠶ︔ 10 % ᠰᠢᠬᠠᠮ ᠶᠢᠨ ︽ᠬᠠᠭᠠᠵᠤ ᠵᠣᠭᠰᠣᠭᠠᠬᠤ︾ ᠰᠦᠯᠵᠢᠶ᠎ᠡ ᠨᠢ ᠴᠢᠳᠠᠮᠵᠢ ᠪᠠᠨ  ᠨᠡᠭᠦᠯᠭᠡᠬᠦ ᠬᠠᠷᠠᠯᠲᠠ ᠰᠦᠯᠵᠢᠶ᠎ᠡ ᠨᠢ ᠲᠤᠳᠤᠷᠬᠠᠢ ᠪᠢᠰᠢ︔ ᠣᠨᠴᠠ ᠵᠠᠷᠢᠮ ︽ᠬᠠᠭᠠᠵᠤ ᠵᠣᠭᠰᠣᠭᠠᠬᠤ︾ ᠰᠦᠯᠵᠢᠶ᠎ᠡ ᠎ ᠶᠢᠨ ᠲᠠᠭᠯᠠᠵᠤ ᠮᠡᠳᠡᠭᠦᠯᠦᠭᠰᠡᠨ ᠨᠡᠭᠦᠯᠭᠡᠬᠦ ᠴᠠᠭ ᠬᠤᠭᠤᠴᠠᠭ᠎ᠠ ᠨᠢ ᠠᠷᠪᠠᠨ ᠬᠡᠳᠦᠨ ᠵᠢᠯ ᠳᠤ ᠬᠦᠷᠴᠦ ᠪᠠᠶᠢᠨ᠎ᠠ᠃ ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ ᠴᠢᠬᠤᠯᠠᠲᠠᠢ ᠪᠠᠶᠢᠨ᠎ᠠ᠃ ᠵᠠᠷᠢᠮ ᠣᠷᠣᠨ ᠨᠤᠲᠤᠭ ᠤᠨ ᠰᠦᠯᠵᠢᠶ᠎ᠡ ᠥᠪᠡᠷ ᠢᠶᠠᠨ ᠪᠠᠶᠢᠴᠠᠭᠠᠵᠤ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠷ ᠬᠢᠷᠢ ᠳᠤ ᠦᠯᠦ ᠲᠡᠩᠴᠡᠭᠦ ᠪᠠᠶᠢᠲᠠᠯ᠎ᠠ ᠪᠠᠰᠠ ᠴᠡᠭᠴᠡᠯᠡᠨ ᠰᠠᠶᠢᠵᠢᠷᠠᠭᠤᠯᠠᠭᠠᠳᠤᠢ᠂  ᠨᠡᠶᠢᠳᠡᠮ ᠪᠠᠶᠢᠴᠠᠭᠠᠯᠲᠠ ᠶᠢᠨ ᠠᠬᠢᠴᠠ ᠪᠤᠯᠤᠨ ᠦᠷ᠎ᠡ ᠪᠦᠲᠦᠮᠵᠢ ᠶᠢ ᠲᠦᠢᠯ ᠤᠨ ᠶᠡᠭᠡ ᠨᠦᠯᠦᠭᠡᠯᠡᠵᠦ ᠪᠠᠶᠢᠨ᠎ᠠ᠃      ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠴᠠᠭ ᠢ ᠵᠠᠪᠳᠤᠨ ᠬᠤᠯᠪᠣᠭᠳᠠᠯ ᠪᠦᠬᠦᠢ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠡᠭᠦᠨ ᠤ ᠬᠠᠮᠲᠤ ︽ᠠᠰᠳᠠᠭᠠᠨ ᠰᠦᠯᠵᠢᠶ᠎ᠡ︾ ᠪᠠ ︽ᠬᠠᠭᠠᠬᠤ ᠵᠣᠭᠰᠣᠭᠠᠬᠤ ᠨᠡᠶᠢᠯᠡᠭᠦᠯᠬᠦ ᠰᠢᠯᠵᠢᠭᠦᠯᠬᠦ︾ ᠰᠦᠯᠵᠢᠶ᠎ᠡ ᠶᠢ ᠬᠢᠨᠠᠨ ᠬᠠᠷᠭᠠᠭᠤᠯᠬᠤ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠳᠡᠩᠳᠡᠭᠦᠦ ᠮᠡᠳᠡᠭᠦᠯᠬᠦ ᠳᠤᠷ᠎ᠠ ᠪᠠᠷ ᠢᠶᠠᠨ ᠮᠡᠳᠡᠭᠦᠯᠬᠦ ᠦᠵᠡᠭᠳᠡᠯ ᠭᠠᠷᠬᠤ ᠠᠴᠠ ᠵᠠᠶᠢᠯᠠᠰᠬᠢᠵᠦ᠂ ᠥᠪᠡᠰᠦᠪᠡᠨ ᠪᠠᠶᠢᠴᠠᠭᠠᠬᠤ᠂ ᠪᠠᠶᠢᠴᠠᠭᠠᠳ ᠬᠢᠷᠢ ᠳᠤ ᠦᠯᠦ ᠲᠡᠩᠴᠡᠭᠦ  ᠰᠦᠯᠵᠢᠶ᠎ᠡ ᠶᠢ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ᠂ 8 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ   ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠠᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号