︽ᠬᠥᠬᠡᠬᠤᠲᠠ ᠶᠢᠨ 2015 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠢᠯᠡ ᠪᠠᠷ ᠪᠠᠭᠰᠢ ᠰᠢᠯᠭᠠᠨ | ᠡᠯᠰᠡᠵᠦ ᠤᠷᠢᠵᠤ ᠬᠡᠷᠡᠭᠯᠡᠬᠦ ᠠᠵᠢᠯ ᠤᠨ ᠬᠡᠷᠡᠭᠵᠢᠬᠦᠯᠬᠦ ᠲᠥᠰᠦᠯ︾ ᠢ ᠦᠨᠳᠦᠰᠦᠯᠡᠨ᠂ ᠡᠳᠦᠬᠡ ᠲᠤᠰ ᠤᠳᠠᠭᠠᠨ ᠤ | ᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠬᠤᠯᠪᠣᠭᠳᠠᠯ ᠪᠦᠬᠦᠢ ᠤᠴᠢᠷ ᠢ ᠮᠡᠳᠡᠭᠳᠡᠶ᠎ᠡ᠄ | ᠨᠢᠭᠡ᠂ ᠨᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠳᠤ ᠤᠷᠤᠭᠰᠠᠨ ᠬᠥᠮᠦᠰ ᠤᠨ ᠨᠡᠷᠡᠰ ᠢ | ᠨᠡᠶᠢᠲᠡᠯᠡᠨ᠎ᠡ | 2015 ᠤᠨ ᠤ 8 ᠳ᠋ᠤᠭᠠᠷ ᠰᠠᠷ᠎ᠠ ᠶᠢᠨ 20 ᠤ ᠡᠳᠦᠷ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ︵ᠰᠦᠯᠵᠢᠶᠡᠨ ᠬᠠᠶ᠋ᠢᠭ᠄ http://www.impta.com︶ | ᠳᠤ ᠨᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠳᠤ ᠤᠷᠤᠭᠰᠠᠨ ᠬᠥᠮᠦᠰ ᠤᠨ ᠨᠡᠷᠡᠰ ᠢ ᠨᠡᠶᠢᠲᠡᠯᠡᠨ᠎ᠡ᠂ | ᠰᠢᠯᠭᠠᠭᠤᠯᠤᠭᠰᠠᠳ ᠲᠤᠬᠠᠢ ᠶᠢᠨ ᠴᠠᠭ ᠲᠤᠨᠢ ᠰᠦᠯᠵᠢᠶᠡᠨ ᠳᠤ ᠭᠠᠷᠴᠤ ᠪᠠᠶᠢᠴᠠᠭᠠᠨ ᠯᠠᠪᠯᠠᠬᠤ ᠪᠣᠯᠪᠠᠤ᠃ | ᠬᠤᠶᠠᠷ᠂ ᠨᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠴᠠᠭ ᠬᠤᠭᠤᠴᠠᠭ᠎ᠠ᠂ ᠭᠠᠵᠠᠷ | ︵ᠨᠢᠭᠡ︶ ᠴᠠᠭ᠄ 2015 ᠤᠨ ᠤ 8 ᠳ᠋ᠤᠭᠠᠷ ᠰᠠᠷ᠎ᠠ ᠶᠢᠨ 21 ᠤ ᠡᠳᠦᠷ ~22 ᠤ ᠡᠳᠦᠷ ᠪᠤᠯᠲᠠᠯ᠎ᠠ ︵ | ᠦᠳᠡ ᠶᠢᠨ ᠡᠮᠦᠨᠡᠬᠢ 8᠄ 30~11᠄ 30 ᠪᠤᠯᠲᠠᠯ᠎ᠠ᠂ ᠦᠳᠡ ᠶᠢᠨ ᠬᠤᠶᠢᠨᠠᠬᠢ 14᠄ 30~17᠄ 30 | ᠪᠤᠯᠲᠠᠯ᠎ᠠ︶ | ︵ᠬᠤᠶᠠᠷ︶ ᠭᠠᠵᠠᠷ᠄ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ | ᠲᠥᠪ ᠤᠨ ᠨᠢᠭᠡᠳᠤᠭᠡᠷ ᠳᠠᠪᠬᠤᠷᠯᠢᠭ ᠤᠨ ᠶᠡᠭᠡ ᠲᠢᠩᠬᠢᠮ ︵ᠰᠢᠨᠬᠤᠸᠠ ᠶᠡᠭᠡ ᠵᠡᠭᠡᠯᠢ ᠶᠢᠨ 9 ᠳ᠋ᠤᠭᠡᠷ ᠨᠤᠮᠧᠷ᠂ | ᠬᠤᠲᠠ ᠶᠢᠨ ᠠᠷᠪᠠ ᠶᠢᠰᠦᠳᠦᠭᠡᠷ ᠳᠤᠮᠳᠠᠲᠤ ᠰᠤᠷᠭᠠᠭᠤᠯᠢ ᠶᠢᠨ ᠪᠠᠷᠠᠭᠤᠨ ᠲᠠᠯ᠎ᠠ ᠳᠤ︶ | ᠰᠢᠯᠭᠠᠭᠤᠯᠤᠭᠰᠠᠳ ᠲᠤᠭᠲᠠᠭᠰᠠᠨ ᠴᠠᠭ ᠤᠨ ᠶᠤᠰᠤᠭᠠᠷ ᠬᠢᠷᠢ ᠬᠡᠮ ᠳᠠᠬᠢᠨ ᠬᠢᠨᠠᠬᠤ ᠳᠤ ᠤᠷᠤᠯᠴᠠᠭᠰᠠᠨ | ᠦᠭᠡᠢ ᠪᠦᠭᠡᠳ ᠬᠤᠭᠤᠴᠠᠭ᠎ᠠ ᠠᠴᠠ ᠬᠡᠲᠦᠷᠡᠭᠰᠡᠨ ᠪᠤᠯ ᠨᠢᠭᠤᠷᠲᠠᠨ ᠰᠢᠯᠭᠠᠬᠤ ᠬᠢᠷᠢ ᠬᠡᠮ ᠢᠶᠠᠨ ᠬᠠᠶᠠᠭᠰᠠᠨ ᠢᠶᠠᠷ | ᠦᠵᠡᠨ᠎ᠡ᠃ | ᠭᠤᠷᠪᠠ᠂ ᠨᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ | ︵ᠨᠢᠭᠡ︶ ︽ᠨᠡᠷ᠎ᠡ ᠮᠡᠳᠡᠭᠦᠯᠦᠨ ᠳᠠᠩᠰᠠᠯᠠᠭᠤᠯᠬᠤ ᠬᠦᠰᠦᠨᠦᠭᠲᠦ︾ ︵ᠨᠢᠭᠡ ᠶᠠᠩᠵᠤ ᠶᠢᠨ ᠬᠤᠶᠠᠷ | ᠬᠤᠪᠢ︶︔ | ︵ᠬᠤᠶᠠᠷ︶ ᠰᠤᠷᠤᠯᠭ᠎ᠠ ᠶᠢᠨ ᠨᠠᠮᠲᠠᠷ ᠤᠨ ᠦᠨᠡᠮᠯᠡᠯ ︵ᠡᠷᠳᠡᠮ ᠤᠨ ᠴᠣᠯᠠ ᠶᠢᠨ ᠦᠨᠡᠮᠯᠡᠯ︶ ᠤᠨ ᠤᠭ | ᠵᠦᠢᠯ ᠪᠤᠯᠤᠨ ᠬᠠᠭᠤᠯᠪᠤᠷᠢ ︵2015 ᠣᠨ ᠤ ᠲᠤᠰ ᠬᠤᠭᠤᠴᠠᠭᠠᠨ ᠤ ᠰᠤᠷᠭᠠᠭᠤᠯᠢ ᠲᠡᠭᠦᠰᠦᠭᠰᠡᠳ ᠲᠡᠭᠦᠰᠦᠭᠰᠡᠨ | ᠦᠨᠡᠮᠯᠡᠯ ︵ᠡᠷᠳᠡᠮ ᠤᠨ ᠴᠣᠯᠠ ᠶᠢᠨ ᠦᠨᠡᠮᠯᠡᠯ︶ ᠢᠶᠠᠨ ᠤᠯᠤᠭᠠᠳᠤᠢ ᠪᠤᠯ ᠰᠤᠷᠤᠯᠴᠠᠵᠤ ᠪᠠᠶᠢᠭᠰᠠᠨ ᠰᠤᠷᠭᠠᠭᠤᠯᠢ ︵ | ᠰᠠᠯᠪᠤᠷᠢ︶ ᠪᠤᠯᠤᠨ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ︵ᠠᠰᠫᠢᠷᠠᠨᠲ ᠤᠨ ᠬᠦᠷᠢᠶᠡᠯᠡᠩ᠂ ᠭᠠᠵᠠᠷ︶ | ᠤᠨ ᠠᠯᠪᠠᠨ ᠲᠠᠮᠠᠭ᠎ᠠ ᠳᠠᠷᠤᠭᠰᠠᠨ ᠭᠡᠷᠡᠴᠢ ᠲᠠᠢ ᠪᠠᠶᠢᠬᠤ︶︔ | ︵ᠭᠤᠷᠪᠠ︶ ᠥᠩᠭᠡᠷᠡᠭᠰᠡᠨ ᠬᠤᠭᠤᠴᠠᠭᠠᠨ ᠤ ᠰᠤᠷᠭᠠᠭᠤᠯᠢ ᠲᠡᠭᠦᠰᠦᠭᠰᠡᠳ ᠡᠷᠬᠡᠪᠰᠢ ᠰᠤᠷᠭᠠᠨ | ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠭᠤᠯᠤᠨ | ᠲᠡᠮᠳᠡᠭᠯᠡᠭᠦᠯᠦᠭᠰᠡᠨ ᠬᠦᠰᠦᠨᠦᠭᠲᠦ ᠶᠢ ᠲᠤᠰᠢᠶᠠᠵᠤ᠂ ᠲᠤᠰ ᠬᠤᠭᠤᠴᠠᠭᠠᠨ ᠤ ᠰᠤᠷᠭᠠᠭᠤᠯᠢ ᠲᠡᠭᠦᠰᠦᠭᠰᠡᠳ ᠡᠷᠬᠡᠪᠰᠢ | ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠤᠨ ᠰᠦᠯᠵᠢᠶᠡᠨ ᠳᠡᠭᠡᠷᠡᠬᠢ ᠮᠡᠳᠡᠭᠦᠯᠦᠯᠲᠡ ︵︽ᠳᠤᠮᠳᠠᠳᠤ | ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶ᠎ᠡ︾ | ︵http://www.chsi.com.cn︶ ᠳᠤ | ᠭᠠᠷᠤᠨ᠎ᠠ︶᠂ ᠰᠢᠯᠭᠠᠨ ᠪᠠᠲᠤᠯᠠᠬᠤ ᠬᠤᠭᠤᠴᠠᠭ᠎ᠠ ᠨᠢ ᠲᠤᠬᠠᠶ ᠶᠢᠨ ᠲᠠᠯᠠᠪᠠᠢ ᠳᠤ ᠬᠢᠨᠠᠨ ᠬᠠᠷᠭᠤᠭᠤᠯᠵᠤ ᠨᠤᠲᠠᠯᠠᠵᠤ | ᠳᠠᠭᠤᠰᠬᠤ ᠠᠴᠠ ᠡᠮᠦᠨ᠎ᠡ ᠬᠦᠴᠦᠨ ᠲᠠᠢ ᠪᠠᠶᠢᠬᠤ ᠬᠡᠷᠡᠭᠲᠠᠢ︶ ᠶᠢ ᠲᠤᠰᠢᠶᠠᠬᠤ ᠬᠡᠷᠡᠭᠲᠠᠢ︔ | ︵ᠳᠥᠷᠪᠡ︶ ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠤᠶᠤ ᠫᠠᠰᠫᠣᠷᠲ ᠤᠨ | ᠤᠭ ᠵᠦᠢᠯ ᠪᠤᠯᠤᠨ ᠬᠠᠭᠤᠯᠪᠤᠷᠢ ︵ᠨᠡᠷ᠎ᠡ ᠮᠡᠳᠡᠭᠦᠯᠬᠦ ᠬᠢᠭᠡᠳ ᠪᠢᠷ ᠤᠨ ᠰᠢᠯᠭᠠᠯᠲᠠ᠂ ᠨᠢᠭᠤᠷᠳᠠᠨ ᠰᠢᠯᠭᠠᠬᠤ ᠳᠤ | ᠤᠷᠤᠯᠴᠠᠬᠤ ᠳᠤ ᠬᠡᠷᠡᠭᠯᠡᠭᠰᠡᠨ ᠭᠡᠷᠡᠴᠢ ᠲᠡᠮᠳᠡᠭ ᠨᠢ ᠡᠷᠬᠡᠪᠰᠢ ᠨᠢᠭᠡᠳᠦᠯᠲᠠᠢ ᠪᠠᠶᠢᠬᠤ ᠬᠡᠷᠡᠭᠲᠠᠢ︶︔ | ︵ᠲᠠᠪᠤ︶ ᠣᠶᠢᠷ᠎ᠠ ᠶᠢᠨ ᠬᠤᠭᠤᠴᠠᠭᠠᠨ ᠤ ᠮᠠᠯᠠᠭᠠᠶ ᠦᠭᠡᠶ ᠨᠢᠭᠡ ᠢᠮᠠᠬᠤ ᠶᠢᠨ ᠪᠤᠲᠤᠭᠲᠤ ᠬᠡᠷᠡᠯ ᠵᠢᠷᠤᠭ 2 | ᠬᠤᠪᠢ︔ | ︵ᠵᠢᠷᠭᠤᠭ᠎ᠠ︶ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠤᠷᠭᠠᠨ ᠬᠥᠮᠦᠵᠢᠯ ᠤᠨ ᠶᠠᠮᠤᠨ ᠤ ᠰᠢᠭᠤᠳ | ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠰᠦᠢᠳᠬᠡᠯ ᠥᠯᠥ ᠬᠤᠷᠢᠶᠠᠬᠤ ᠪᠠᠭᠰᠢ ᠶᠢᠨ ᠰᠤᠷᠭᠠᠭᠤᠯᠢ | ᠲᠡᠭᠦᠰᠦᠭᠰᠡᠳ ᠤᠨ ᠬᠢᠷᠢ ᠬᠡᠮ ᠢ ᠳᠠᠬᠢᠨ ᠬᠢᠨᠠᠬᠤ ᠳᠤ᠂ ᠪᠠᠰᠠ ᠡᠷᠬᠡᠪᠰᠢ ᠮᠤᠵᠢ ᠶᠢᠨ ᠱᠠᠲᠤᠨ ᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠬᠢᠵᠤ ᠦᠭᠭᠦᠭᠰᠡᠨ ︽ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠠᠴᠠ | ᠰᠦᠢᠳᠬᠡᠯ ᠬᠤᠷᠢᠶᠠᠬᠤ ᠦᠭᠡᠶ ᠪᠠᠷ ᠰᠤᠷᠭᠠᠨ ᠬᠦᠮᠦᠵᠢᠭᠦᠯᠬᠦ ᠵᠦᠪᠯᠡᠯᠴᠡᠭᠡᠷ ᠤᠨ ᠪᠢᠴᠢᠭ︾ ᠤᠨ ᠤᠭ ᠵᠦᠢᠯ ᠪᠤᠯᠤᠨ | ᠬᠠᠭᠤᠯᠪᠤᠷᠢ᠂ ᠬᠥᠮᠦᠨ ᠬᠡᠷᠡᠭᠯᠡᠬᠦ ᠨᠢᠭᠡᠴᠡ ᠯᠦᠭᠡ ᠲᠤᠭᠲᠠᠭᠰᠠᠨ ︽ᠠᠵᠢᠯ ᠣᠯᠭᠤᠬᠤ ᠵᠦᠪᠯᠡᠯᠴᠡᠭᠡᠷ︾ ᠤᠨ ᠤᠭ | ᠵᠦᠢᠯ ᠪᠤᠯᠤᠨ ᠬᠠᠭᠤᠯᠪᠤᠷᠢ ᠲᠠᠢ ᠪᠠᠶᠢᠬᠤ︔ | ︵ᠳᠣᠯᠤᠭ᠎ᠠ︶ ᠬᠠᠨᠳᠤᠯᠭ᠎ᠠ ᠲᠠᠢ ᠤᠷᠢᠬᠤ ︽ᠲᠥᠷᠥᠯ ᠵᠦᠢᠯ ᠤᠨ ᠠᠵᠢᠯᠲᠠᠨ ᠤ ᠠᠵᠢᠯ ᠤᠨ ᠪᠠᠶᠢᠷᠢ︾ ᠳᠤ | ᠮᠡᠳᠡᠭᠦᠯᠦᠨ ᠰᠢᠯᠭᠠᠭᠤᠯᠤᠭᠠᠳ᠂ ᠴᠡᠷᠢᠭ ᠤᠨ ᠠᠯᠪᠠᠨ ᠠᠴᠠ ᠪᠠᠭᠤᠭᠰᠠᠨ ᠣᠶᠤᠲᠠᠨ ᠪᠠᠶᠢᠯᠳᠤᠭᠴᠢ ᠪᠤᠯ ᠡᠷᠬᠡᠪᠰᠢ | ᠡᠷᠦᠬᠡ ᠠᠮᠠ ᠶᠢᠨ ᠳᠡᠪᠲᠡᠷ᠂ ᠴᠡᠷᠢᠭ ᠤᠨ ᠠᠯᠪᠠᠨ ᠠᠴᠠ ᠪᠠᠭᠤᠭᠰᠠᠨ ᠦᠨᠡᠮᠯᠡᠯ ᠤᠨ ᠤᠭ ᠵᠦᠢᠯ ᠪᠤᠯᠤᠨ | ᠬᠠᠭᠤᠯᠪᠤᠷᠢ ᠶᠢ ᠲᠤᠰᠢᠶᠠᠵᠤ᠂ ᠪᠤᠰᠤᠳ ᠬᠥᠮᠦᠰ ᠪᠤᠯ ᠡᠷᠬᠡᠪᠰᠢ ᠦᠢᠯᠡᠴᠢᠯᠡᠭᠡ ᠬᠠᠩᠭᠠᠬᠤ ᠲᠦᠷᠦᠯ ᠵᠦᠢᠯ ᠤᠨ | ᠦᠨᠡᠮᠯᠡᠯ ᠤᠨ ᠤᠭ ᠵᠦᠢᠯ ᠪᠤᠯᠤᠨ ᠬᠠᠭᠤᠯᠪᠤᠷᠢ ᠪᠤᠶᠤ ᠦᠢᠯᠡᠴᠢᠯᠡᠬᠦ ᠲᠦᠷᠦᠯ ᠵᠦᠢᠯ ᠤᠨ ᠰᠢᠶᠠᠨ ᠤ ᠱᠠᠲᠤᠨ ᠠᠴᠠ | ᠳᠡᠭᠡᠭᠰᠢᠬᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠵᠤ ᠦᠭᠭᠦᠭᠰᠡᠨ ᠦᠢᠯᠡᠴᠢᠯᠡᠬᠦ ᠬᠤᠭᠤᠴᠠᠭ᠎ᠠ ︵ | ᠡᠰᠡᠭᠦᠯ᠎ᠡ ᠦᠢᠯᠡᠴᠢᠯᠡᠵᠤ ᠡᠬᠢᠯᠡᠭᠰᠡᠨ ᠳᠠᠭᠤᠰᠤᠭᠰᠠᠨ ᠬᠤᠭᠤᠴᠠᠭ᠎ᠠ︶ ᠳᠦᠭᠦᠷᠦᠭᠰᠡᠨ᠂ ᠰᠢᠯᠭᠠᠨ ᠬᠢᠨᠠᠭᠠᠳ ᠬᠢᠷᠢ | ᠲᠡᠩᠴᠡᠭᠰᠡᠨ ︵ᠡᠰᠡᠭᠦᠯ᠎ᠡ ᠰᠢᠯᠭᠠᠨ ᠬᠢᠨᠠᠭᠰᠠᠨ ᠠᠩᠬ᠎ᠠ ᠠᠯᠬᠤᠮ ᠤᠨ ᠰᠠᠨᠠᠯ︶ ᠬᠡᠷᠡᠴᠢ ᠶᠢ ᠲᠤᠰᠢᠶᠠᠬᠤ | ᠬᠡᠷᠡᠭᠲᠠᠢ︔ | ︵ᠨᠠᠢᠮᠠ︶ ᠮᠡᠳᠡᠭᠦᠯᠦᠨ ᠰᠢᠯᠭᠠᠭᠤᠯᠬᠤ ᠬᠦᠮᠦᠰ ᠨᠢ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠡ ᠶᠢᠨ | ᠵᠢᠩᠬᠢᠨᠢ ᠠᠵᠢᠯᠲᠠᠨ ᠪᠤᠯ ᠡᠷᠬᠡᠪᠰᠢ ᠲᠤᠰ ᠬᠥᠮᠦᠨ ᠤ ᠪᠠᠶᠢᠭ᠎ᠠ ᠨᠢᠭᠡᠴᠡ ᠶᠢᠨ ᠮᠡᠳᠡᠭᠦᠯᠦᠨ ᠰᠢᠯᠭᠠᠭᠤᠯᠬᠤ ᠶᠢ | ᠵᠥᠪᠰᠢᠶᠡᠷᠡᠭᠰᠡᠨ ᠭᠡᠷᠡᠴᠢ ᠶᠢ ᠲᠤᠰᠢᠶᠠᠬᠤ ᠬᠡᠷᠡᠭᠲᠠᠢ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠥᠭᠡᠳ | ᠬᠥᠳᠡᠯᠮᠦᠷᠢ ᠶᠢᠨ ᠭᠡᠷ᠎ᠡ ᠲᠤᠭᠲᠠᠭᠰᠠᠨ ᠪᠠᠶᠢᠪᠠᠯ᠂ ᠡᠷᠬᠡᠪᠰᠢ ᠲᠤᠰ ᠬᠥᠮᠦᠨ ᠤ ᠪᠠᠶᠢᠭ᠎ᠠ ᠠᠵᠤ ᠠᠬᠤᠶᠢᠯᠠᠯ ᠤᠨ | ᠮᠡᠳᠡᠭᠦᠯᠦᠨ ᠰᠢᠯᠭᠠᠭᠤᠯᠬᠤ ᠶᠢ ᠵᠥᠪᠰᠢᠶᠡᠷᠡᠭᠰᠡᠨ ᠭᠡᠷᠡᠴᠢ ᠶᠢ ᠲᠤᠰᠢᠶᠠᠬᠤ ᠬᠡᠷᠡᠭᠲᠠᠢ︔ | ︵ᠶᠢᠰᠦ︶ ᠮᠡᠳᠡᠭᠦᠯᠦᠨ ᠰᠢᠯᠭᠠᠭᠤᠯᠬᠤ ᠠᠵᠢᠯ ᠤᠨ ᠪᠠᠶᠢᠷᠢ ᠶᠢᠨ ᠱᠠᠭᠠᠷᠳᠠᠭᠰᠠᠨ ᠪᠤᠰᠤᠳ ᠮᠠᠲ᠋ᠧᠷᠢᠶᠠᠯ᠃ | ᠲᠥᠷᠪᠡ᠂ ᠬᠢᠷᠢ ᠬᠡᠮ ᠢ ᠬᠢᠨᠠᠬᠤ ᠳᠡᠰ ᠳᠠᠷᠠᠭᠠᠯᠠᠯ | ᠬᠢᠷᠢ ᠬᠡᠮ ᠢ ᠬᠢᠨᠠᠬᠤ ᠳᠤ ᠤᠷᠤᠭᠰᠠᠨ ᠮᠡᠳᠡᠭᠦᠯᠦᠨ ᠰᠢᠯᠭᠠᠭᠤᠯᠤᠭᠰᠠᠳ ᠲᠤᠬᠠᠶ ᠶᠢᠨ ᠲᠠᠯᠠᠪᠠᠢ ᠶᠢᠨ | ᠵᠢᠭᠠᠭᠰᠠᠨ ᠳᠠᠷᠠᠭᠠᠯᠠᠯ ᠶᠤᠰᠤᠭᠠᠷ ᠵᠢᠭᠠᠨ ᠲᠤᠭᠲᠠᠭᠠᠭᠰᠠᠨ ᠤᠷᠤᠨ ᠳᠤ ᠮᠦᠷᠯᠡᠵᠤ ᠬᠢᠷᠢ ᠬᠡᠮ ᠢᠶᠠᠨ ᠬᠢᠨᠠᠨ | ᠪᠠᠶᠢᠴᠠᠭᠠᠯᠭᠠᠵᠤ᠂ ᠬᠢᠨᠠᠨ ᠪᠠᠶᠢᠴᠠᠭᠠᠬᠤ ᠳᠤ ᠪᠠᠲᠤᠯᠠᠭᠳᠠᠭᠰᠠᠨ ᠤ ᠳᠠᠷᠠᠭ᠎ᠠ ︽ᠨᠢᠭᠤᠷᠲᠠᠨ ᠰᠢᠯᠭᠠᠬᠤ ᠮᠡᠳᠡᠭᠳᠡᠯ︾ | ᠢᠶᠠᠨ ᠠᠪᠴᠤ ᠨᠢᠭᠤᠷᠳᠠᠨ ᠰᠢᠯᠭᠠᠬᠤ ᠳᠤ ᠬᠡᠷᠡᠭᠯᠡᠬᠦ ᠬᠡᠯᠡ ᠪᠠᠨ ᠰᠤᠩᠭᠤᠨ᠎ᠠ᠃ | ᠲᠠᠪᠤ᠂ ᠪᠤᠰᠤᠳ ᠬᠤᠯᠪᠣᠭᠳᠠᠯ ᠪᠦᠬᠦᠢ ᠵᠦᠢᠯ ᠤᠳ | ︵ᠨᠢᠭᠡ︶ ᠰᠢᠯᠭᠠᠭᠤᠯᠤᠭᠰᠠᠳ ᠬᠡᠷᠪᠡ ︽ᠨᠡᠷ᠎ᠡ ᠮᠡᠳᠡᠭᠦᠯᠦᠨ ᠳᠠᠩᠰᠠᠯᠠᠭᠤᠯᠬᠤ ᠬᠦᠰᠦᠨᠦᠭᠲᠦ︾ ᠪᠠᠨ | ᠳᠠᠷᠤᠮᠠᠯᠯᠠᠭᠰᠠᠨ ᠦᠭᠡᠢ ᠪᠤᠯ 2015 ᠤᠨ ᠤ 8 ᠳ᠋ᠤᠭᠠᠷ ᠰᠠᠷ᠎ᠠ ᠶᠢᠨ 19 ᠤ ᠡᠳᠦᠷ — 8 ᠳ᠋ᠤᠭᠠᠷ ᠰᠠᠷ᠎ᠠ ᠶᠢᠨ | 20 ᠤ ᠡᠳᠦᠷ ᠪᠤᠯᠲᠠᠯ᠎ᠠ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ︵http ://www.impta.com︶ ᠳᠤ ᠭᠠᠷᠴᠤ ᠪᠠᠭᠤᠯᠭᠠᠨ ᠳᠠᠷᠤᠮᠠᠯᠯᠠᠵᠤ ᠪᠤᠯᠤᠨ᠎ᠠ᠃ | ︵ᠬᠤᠶᠠᠷ︶ ᠬᠢᠷᠢ ᠬᠡᠮ ᠢ ᠳᠠᠬᠢᠨ ᠬᠢᠨᠠᠬᠤ ᠳᠤ ᠮᠡᠳᠡᠭᠦᠯᠦᠨ ᠰᠢᠯᠭᠠᠭᠤᠯᠬᠤ ᠬᠦᠮᠦᠰ ᠤᠨ ᠲᠠᠭᠯᠠᠨ | ᠮᠡᠳᠡᠭᠦᠯᠦᠭᠰᠡᠨ ᠮᠡᠳᠡᠭᠡ ᠵᠠᠩᠭᠢ ᠨᠢ ᠦᠨᠡᠨ ᠪᠤᠳᠠᠲᠤ ᠤᠨᠤᠪᠴᠢᠲᠠᠢ ᠡᠰᠡᠬᠦ ᠶᠢ ᠭᠤᠤᠯᠳᠠᠯᠭ᠎ᠠ ᠲᠠᠢ ᠬᠢᠨᠠᠬᠤ ᠪᠤᠯᠤᠨ᠎ᠠ᠃ | ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠭᠡᠷᠡᠴᠢ ᠦᠨᠡᠮᠯᠡᠯ ᠲᠠᠢ ᠪᠠᠨ ᠨᠡᠶᠢᠴᠡᠬᠦ ᠦᠭᠡᠶ᠂ ᠮᠡᠳᠡᠭᠦᠯᠦᠨ | ᠰᠢᠯᠭᠠᠭᠤᠯᠬᠤ ᠨᠥᠬᠦᠴᠡᠯ ᠳᠤ ᠨᠡᠶᠢᠴᠡᠬᠦ ᠦᠭᠡᠶ᠂ ᠬᠤᠳᠠᠯ ᠬᠡᠯᠡᠵᠤ ᠬᠠᠭᠤᠷᠮᠠᠭ ᠵᠤᠬᠢᠶᠠᠭᠰᠠᠨ᠂ ᠬᠤᠪᠢ ᠬᠥᠮᠦᠨ ᠤ | ᠦᠨᠳᠦᠰᠦᠲᠡᠨ ᠤ ᠮᠡᠳᠡᠭᠡ ᠵᠠᠩᠭᠢ ᠪᠠᠨ ᠪᠤᠷᠤᠭᠤ ᠲᠠᠭᠯᠠᠭᠰᠠᠨ ᠠᠴᠠ ᠪᠣᠯᠵᠤ ᠬᠤᠪᠢ ᠨᠡᠮᠡᠭᠦᠯᠦᠭᠰᠡᠨ᠂ 2016 ᠣᠨ | ᠪᠣᠯᠤᠨ ᠲᠡᠭᠦᠨ ᠠᠴᠠ ᠬᠤᠶᠢᠰᠢ ᠲᠡᠭᠦᠰᠬᠦ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠰᠤᠷᠤᠯᠴᠠᠵᠤ ᠪᠠᠶᠢᠭ᠎ᠠ ᠣᠶᠤᠲᠠᠨ ᠪᠤᠶᠤ ᠠᠰᠫᠢᠷᠠᠨᠲ᠂ ᠦᠢᠯᠡᠴᠢᠯᠡᠬᠦ ᠬᠤᠭᠤᠴᠠᠭᠠᠨ ᠳᠤ ᠪᠠᠶᠢᠭ᠎ᠠ | ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠴᠤ ᠪᠠᠶᠢᠭ᠎ᠠ ᠨᠢᠭᠡᠴᠡ ᠶᠢᠨ ᠠᠵᠢᠯᠲᠠᠨ︶᠂ | ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠨᠳᠤᠯᠭ᠎ᠠ ᠲᠠᠢ ᠪᠠᠷ ᠡᠯᠰᠡᠨ ᠬᠥᠮᠦᠵᠢᠭᠦᠯᠬᠦ ᠠᠯᠪᠠᠲᠠᠨ | ᠡᠯᠰᠡᠭᠳᠡᠭᠰᠡᠨ ᠤ ᠪᠠᠨ ᠳᠠᠷᠠᠭ᠎ᠠ ᠰᠤᠷᠤᠯᠴᠠᠵᠤ ᠪᠠᠶᠢᠭ᠎ᠠ ᠵᠢᠴᠢ ᠨᠠᠭᠠᠲᠤ ᠵᠠᠬ᠎ᠠ ᠶᠢᠨ ᠦᠢᠯᠡᠴᠢᠯᠡᠬᠦ ᠬᠤᠭᠤᠴᠠᠭ᠎ᠠ ᠨᠢ | ᠳᠦᠬᠦᠷᠦᠭᠡᠳᠦᠢ ᠠᠵᠢᠯᠲᠠᠨ᠂ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ︵ᠤᠷᠤᠨ ᠲᠤᠭ᠎ᠠ ᠳᠤ ᠤᠷᠤᠭᠤᠯᠵᠤ ᠤᠷᠢᠭᠰᠠᠨ︶᠂ ᠬᠥᠬᠡᠬᠤᠲᠠ ᠣᠷᠣᠨ ᠤ ᠠᠯᠪᠠᠨ ᠠᠴᠠ ᠡᠷᠭᠢᠯᠡᠭᠰᠡᠨ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠵᠢᠩᠬᠢᠨᠢ | ᠪᠠᠭᠰᠢ ᠵᠡᠷᠭᠡ ᠪᠠᠨ ᠨᠢᠭᠤᠨ ᠳᠠᠯᠳᠠᠯᠠᠭᠰᠠᠨ ᠪᠤᠯ ᠨᠢᠭᠤᠷᠲᠠᠨ ᠰᠢᠯᠭᠠᠭᠤᠯᠬᠤ ᠬᠢᠷᠢ ᠬᠡᠮ ᠢ ᠴᠦᠮ ᠬᠠᠰᠤᠨ᠎ᠠ᠃ | ︵ᠭᠤᠷᠪᠠ︶ ᠬᠢᠷᠢ ᠬᠡᠮ ᠢ ᠳᠠᠬᠢᠨ ᠬᠢᠨᠠᠭᠰᠠᠨ ᠤ ᠳᠠᠷᠠᠭ᠎ᠠ ᠰᠤᠯᠠ ᠤᠷᠤ ᠭᠠᠷᠤᠭᠰᠠᠨ ᠠᠵᠢᠯ ᠤᠨ ᠪᠠᠶᠢᠷᠢ | ᠳᠤ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠨᠢ ᠳᠤᠤᠷ᠎ᠠ ᠬᠦᠷᠲᠡᠯᠡᠬᠢ ᠬᠤᠪᠢ ᠤᠨ ᠳᠡᠰ | ᠳᠠᠷᠠᠭᠠᠯᠠᠯ ᠶᠤᠰᠤᠭᠠᠷ ᠳᠠᠷᠠᠭᠠᠯᠠᠨ ᠨᠦᠬᠦᠬᠦ ᠶᠢᠨ ᠬᠠᠮᠲᠤ ᠬᠥᠮᠦᠨ ᠬᠡᠷᠡᠭᠯᠡᠬᠦ ᠨᠢᠭᠡᠴᠡ ᠪᠣᠯᠤᠨ ᠬᠤᠰᠢᠭᠤ ᠰᠢᠶᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠷᠠᠭᠠᠯᠠᠨ ᠨᠥᠬᠦᠭᠰᠡᠨ ᠮᠡᠳᠡᠭᠦᠯᠦᠨ | ᠰᠢᠯᠭᠠᠭᠤᠯᠤᠭᠰᠠᠳ ᠤᠨ ᠬᠢᠷᠢ ᠬᠡᠮ ᠢ ᠳᠠᠬᠢᠨ ᠬᠢᠨᠠᠬᠤ ᠳᠤ ᠤᠷᠤᠯᠴᠠᠭᠤᠯᠬᠤ ᠶᠢ ᠤᠲᠠᠰᠤ ᠪᠠᠷ ᠮᠡᠳᠡᠭᠳᠡᠨ᠎ᠡ᠃ | ᠳᠠᠷᠠᠭᠠᠯᠠᠨ ᠨᠦᠬᠦᠭᠰᠡᠨ ᠤ ᠳᠠᠷᠠᠭ᠎ᠠ ᠤᠷᠢᠵᠤ ᠬᠡᠷᠡᠭᠯᠡᠬᠦ ᠬᠥᠮᠦᠨ ᠤ ᠲᠤᠭ᠎ᠠ ᠪᠣᠯᠤᠨ ᠨᠢᠭᠤᠷᠳᠠᠨ ᠰᠢᠯᠭᠠᠭᠤᠯᠬᠤ ᠬᠢᠷᠢ | ᠬᠡᠮ ᠢ ᠳᠠᠬᠢᠨ ᠬᠢᠨᠠᠬᠤ ᠬᠡᠪᠴᠢᠶᠡᠨ ᠳᠤ ᠤᠷᠤᠭᠰᠠᠨ ᠬᠥᠮᠦᠨ ᠤ ᠲᠤᠭ᠎ᠠ ᠨᠢ ᠮᠦᠨᠬᠦ 1:3 ᠶᠢᠨ ᠬᠠᠷᠢᠴᠠᠯ ᠪᠦᠬᠦᠢ | ᠠᠵᠢᠯ ᠤᠨ ᠪᠠᠶᠢᠷᠢ ᠳᠤ ᠬᠦᠷᠬᠦ ᠦᠭᠡᠢ ᠪᠤᠯ᠂ ᠨᠢᠭᠤᠷᠳᠠᠨ ᠰᠢᠯᠭᠠᠬᠤ ᠶᠢ ᠬᠦᠴᠦᠨ ᠦᠭᠡᠢ ᠪᠤᠯᠭᠠᠬᠤ ᠪᠤᠶᠤ | ᠠᠵᠢᠯ ᠤᠨ ᠪᠠᠶᠢᠷᠢ ᠶᠢᠨ ᠤᠷᠢᠬᠤ ᠲᠦᠯᠦᠪᠯᠡᠭᠡ ᠶᠢᠨ ᠲᠤᠭ᠎ᠠ ᠶᠢ ᠬᠠᠰᠤᠨ᠎ᠠ᠃ ᠬᠥᠮᠦᠨ ᠬᠡᠷᠡᠭᠯᠡᠬᠦ ᠨᠢᠭᠡᠴᠡ ᠳᠤ | ᠳᠡᠭᠡᠳᠦ ᠳᠡᠰ ᠤᠨ ᠪᠤᠶᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠᠴᠢᠮ ᠱᠠᠭᠠᠷᠳᠠᠭᠳᠠᠵᠤ ᠪᠠᠶᠢᠭ᠎ᠠ᠂ ᠬᠥᠮᠦᠨ | ᠬᠡᠷᠡᠭᠯᠡᠬᠦ ᠨᠢᠭᠡᠴᠡ ᠳᠤ ᠵᠠᠩᠭᠢᠯᠠᠭ᠎ᠠ ᠶᠢᠨ ᠠᠵᠢᠯ ᠤᠨ ᠪᠠᠶᠢᠷᠢ ᠪᠠᠴᠢᠮ ᠱᠠᠭᠠᠷᠳᠠᠭᠳᠠᠵᠤ ᠪᠠᠶᠢᠭ᠎ᠠ ᠂ ᠨᠥᠬᠦᠴᠡᠯ | ᠬᠠᠲᠠᠭᠤ ᠪᠡᠷᠭᠡ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠬᠠᠨᠳᠤᠯᠭ᠎ᠠ ᠲᠠᠢ ᠪᠠᠷ ᠤᠷᠢᠬᠤ ︽ | ᠲᠥᠷᠥᠯ ᠵᠦᠢᠯ ᠤᠨ ᠠᠵᠢᠯᠲᠠᠨ ᠤ ᠠᠵᠢᠯ ᠤᠨ ᠪᠠᠶᠢᠷᠢ︾ ᠳᠤ᠂ ᠬᠢᠷᠢ ᠬᠡᠮ ᠢ ᠳᠠᠬᠢᠨ ᠬᠢᠨᠠᠬᠤ ᠵᠢᠴᠢ ᠳᠠᠷᠠᠭᠠᠯᠠᠨ | ᠨᠥᠬᠦᠭᠰᠡᠨ ᠤ ᠳᠠᠷᠠᠭ᠎ᠠ 1᠄ 3 ᠶᠢᠨ ᠨᠢᠭᠤᠷᠳᠠᠨ ᠰᠢᠯᠭᠠᠬᠤ ᠬᠠᠷᠢᠴᠠᠯ ᠳᠤ ᠬᠦᠷᠬᠦ ᠦᠭᠡᠢ ᠪᠤᠯ ᠬᠥᠮᠦᠨ ᠬᠡᠷᠡᠭᠯᠡᠬᠦ | ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠴᠢᠭ ᠢᠶᠠᠷ ᠭᠤᠶᠤᠴᠢᠯᠠᠯ ᠭᠠᠷᠭᠠᠵᠤ᠂ ᠬᠤᠲᠠ ᠶᠢᠨ | ᠪᠠᠭᠰᠢ ᠰᠢᠯᠭᠠᠨ ᠡᠯᠰᠡᠵᠤ ᠤᠷᠢᠵᠤ ᠬᠡᠷᠡᠭᠯᠡᠬᠦ ᠵᠢᠴᠢ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠣᠷᠣᠭᠤᠯᠵᠤ | ᠢᠷᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠵᠥᠪᠰᠢᠶᠡᠷᠡᠭᠦᠯᠦᠭᠡᠳ᠂ ᠨᠢᠭᠤᠷᠲᠠᠨ | ᠰᠢᠯᠭᠠᠬᠤ ᠬᠠᠷᠢᠴᠠᠯ ᠢ ᠵᠣᠬᠢᠰᠲᠠᠶ ᠪᠠᠭᠤᠷᠠᠭᠤᠯᠵᠤ ᠪᠣᠯᠤᠨ᠎ᠠ᠃ | ︵ᠳᠥᠷᠪᠡ︶ ᠰᠢᠯᠭᠠᠭᠤᠯᠤᠭᠰᠠᠳ ᠤᠨ ᠬᠠᠷᠢᠯᠴᠠᠬᠤ ᠠᠷᠭ᠎ᠠ ᠮᠠᠶ᠋ᠢᠭ ᠲᠤ ᠬᠤᠪᠢᠷᠠᠯᠲᠠ ᠭᠠᠷᠪᠠᠯ᠂ ᠴᠠᠭ | ᠲᠤᠬᠠᠶ ᠳᠤᠨᠢ ᠬᠥᠮᠦᠨ ᠬᠡᠷᠡᠭᠯᠡᠬᠦ ᠨᠢᠭᠡᠴᠡ ᠳᠤ ᠮᠡᠳᠡᠭᠳᠡᠬᠦ ᠪᠣᠯᠪᠠᠤ᠃ | 2015 ᠤᠨ ᠤ 8 ᠳ᠋ᠤᠭᠠᠷ ᠰᠠᠷ᠎ᠠ ᠶᠢᠨ 17 ᠤ ᠡᠳᠦᠷ |