ᠪᠦᠬᠦ ᠤᠷᠤᠨ ᠤ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/8/21
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠳᠤ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂  ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂  ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢ ᠱᠠᠭᠠᠷᠳᠠᠪᠠ᠃ ᠡᠮᠦᠨ᠎ᠡ ᠬᠤᠭᠤᠴᠠᠭᠠᠨ ᠤ ᠪᠠᠶᠢᠴᠠᠭᠠᠯᠲᠠ ᠠᠴᠠ ᠣᠯᠵᠤ ᠮᠡᠳᠡᠭᠰᠡᠨ ᠨᠢ᠂ ᠬᠡᠰᠡᠭ ᠰᠤᠷᠭᠠᠭᠤᠯᠢ ᠢᠯᠠᠩᠭᠤᠶ᠎ᠠ ᠬᠤᠲᠠ ᠲᠣᠭᠤᠷᠢᠭ ᠤᠨ ᠭᠤᠣᠯ ᠳᠤ ᠪᠠᠶᠢᠭ᠎ᠠ ᠰᠤᠷᠭᠠᠭᠤᠯᠢ ᠵᠢᠴᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠵᠢᠵᠢᠭ ᠬᠤᠭᠤᠯᠠᠨ ᠭᠡᠷ ᠵᠡᠷᠭᠡ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠣᠷᠴᠢᠨ ᠲᠣᠭᠤᠷᠢᠨ ᠪᠤᠳᠤᠯᠢᠶᠠᠨᠲᠠᠶ ᠪᠠᠶᠢᠵᠤ᠂ ᠠᠮᠤᠷ ᠲᠥᠪᠰᠢᠨ ᠤ ᠬᠡᠷᠡᠭ ᠪᠣᠯᠤᠨ ᠰᠤᠷᠤᠭᠴᠢᠳ ᠤᠨ ᠠᠮᠤᠷ ᠲᠦᠪᠰᠢᠨ ᠤ ᠡ᠊ᠨᠳᠡᠯ ᠣᠯᠠᠨ ᠭᠠᠷᠳᠠᠭ ᠭᠠᠵᠠᠷ ᠪᠣᠯᠵᠤ ᠪᠠᠶᠢᠨ᠎ᠠ︔ ᠬᠡᠰᠡᠭ ᠰᠤᠷᠭᠠᠭᠤᠯᠢ ᠶᠢᠨ ᠭᠠᠯ ᠰᠡᠷᠭᠡᠶᠢᠯᠡᠬᠦ ᠠᠮᠤᠷ ᠲᠥᠪᠰᠢᠨ ᠤ ᠡᠳᠦᠷ ᠲᠤᠲᠤᠮ ᠤᠨ ᠬᠠᠮᠢᠶᠠᠷᠤᠯᠲᠠ ᠳᠤᠲᠠᠮᠠᠭ ᠪᠠᠶᠢᠵᠤ᠂ ᠭᠠᠯ ᠤᠨᠲᠠᠷᠠᠭᠠᠬᠤ ᠪᠡᠯᠡᠳᠬᠡᠮᠵᠢ ᠨᠢ ᠭᠡᠮᠲᠦᠯ ᠲᠠᠢ ᠪᠤᠶᠤ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠶ ᠵᠡᠷᠭᠡ ᠦᠵᠡᠭᠳᠡᠯ ᠣᠷᠣᠰᠢᠵᠤ ᠪᠠᠶᠢᠨ᠎ᠠ︔ ᠬᠡᠰᠡᠭ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠳᠤᠲᠠᠮᠠᠭ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠴᠢᠭᠯᠡᠭᠦᠯᠬᠦ ᠴᠢᠨᠠᠷ ᠪᠣᠯᠤᠨ ᠵᠢᠯᠣᠭᠤᠳᠬᠤ ᠴᠢᠨᠠᠷ ᠨᠢ ᠪᠠᠷᠤᠭᠲᠠᠢ ᠪᠠᠶᠢᠨ᠎ᠠ᠃ ᠡᠳᠡᠭᠡᠷ ᠴᠢᠬᠤᠯᠠ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠲᠢᠩᠬᠢᠮ  ᠠᠴᠠ ᠡᠯ᠎ᠡ ᠭᠠᠵᠠᠷ ᠡᠯ᠎ᠡ ᠰᠤᠷᠭᠠᠭᠤᠯᠢ ᠳᠤ ᠬᠠᠷᠢᠴᠠᠩᠭᠤᠢ ᠪᠦᠬᠦᠢ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠴᠢᠭᠯᠡᠭᠦᠯᠬᠦ ᠴᠢᠨᠠᠷᠲᠠᠶ ᠪᠠᠷ ᠰᠤᠷᠭᠠᠭᠤᠯᠢ  ᠶᠢᠨ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠱᠠᠭᠠᠷᠳᠠᠪᠠ᠃ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠠᠶᠤᠯᠲᠤ ᠬᠢᠮᠢ ᠶᠢᠨ ᠵᠦᠢᠯ ᠠᠮᠠᠷᠬᠠᠨ ᠰᠢᠲᠠᠬᠤ ᠠᠮᠠᠷᠬᠠᠨ ᠳᠡᠯᠪᠡᠷᠡᠬᠦ ᠪᠣᠳᠠᠰ᠂ ᠭᠠᠯ ᠰᠡᠷᠭᠡᠶᠢᠯᠡᠬᠦ᠂ ᠢᠳᠡᠭᠡᠨ ᠤ ᠵᠦᠢᠯ᠂ ᠰᠤᠷᠭᠠᠭᠤᠯᠢ ᠶᠢᠨ ᠲᠡᠷᠬᠡ᠂ ᠲᠣᠭᠤᠰᠣ ᠳᠡᠯᠪᠡᠷᠡᠬᠦ ᠵᠡᠷᠭᠡ ᠲᠠᠯ᠎ᠠ ᠪᠠᠷ ᠬᠢ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠬᠤ ᠶᠢ ᠭᠤᠣᠯᠳᠠᠯᠭ᠎ᠠ ᠲᠠᠢ ᠥᠷᠨᠢᠭᠦᠯᠬᠦ ᠶᠢᠨ ᠬᠠᠮᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠦᠷᠨᠢᠭᠦᠯᠬᠦ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号