ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠠᠷᠯᠠᠭᠰᠠᠨ ᠨᠢ᠂ | 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠭ᠎ᠠ ︵ | ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠠᠵᠢᠯ ᠦᠢᠯᠡᠰ ᠤᠨ ᠨᠢᠭᠡᠴᠡ︶ ᠶᠢᠨ ᠠᠯᠪᠠᠲᠠᠨ ︵ | ᠠᠵᠢᠯᠲᠠᠨ︶ ᠢᠯᠡ ᠪᠠᠷ ᠰᠢᠯᠢᠨ ᠰᠣᠩᠭᠤᠬᠤ ᠳᠤ ᠨᠡᠷ᠎ᠡ ᠮᠡᠳᠡᠭᠦᠯᠬᠦ ᠠᠵᠢᠯ ᠨᠢᠭᠡᠨᠲᠡ ᠳᠠᠭᠤᠰᠪᠠ᠃ ᠬᠡᠰᠡᠭ | ᠲᠤᠰᠢᠶᠠᠯ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠪᠢᠷ ᠤᠨ ᠰᠢᠯᠭᠠᠯᠲᠠ ᠶᠢᠨ ᠲᠤᠭᠲᠠᠭᠰᠠᠨ ᠬᠠᠷᠢᠴᠠᠯ ᠳᠤ | ᠬᠦᠷᠦᠭᠰᠡᠨ ᠦᠭᠡᠢ ᠤᠴᠢᠷ ᠠᠴᠠ᠂ ᠰᠢᠯᠢᠨ ᠰᠤᠩᠭᠤᠬᠤ ᠲᠣᠪᠴᠢ ᠳᠦᠷᠢᠮ ᠢ ᠦᠨᠳᠦᠰᠦᠯᠡᠨ᠂ ᠪᠢᠷ ᠤᠨ | ᠰᠢᠯᠭᠠᠯᠲᠠ ᠶᠢᠨ ᠬᠠᠷᠢᠴᠠᠯ ᠳᠤ ᠬᠦᠷᠦᠭᠰᠡᠨ ᠦᠭᠡᠢ ᠭᠤᠷᠪᠠᠨ ᠰᠢᠯᠢᠨ ᠰᠣᠩᠭᠤᠬᠤ ᠲᠤᠰᠢᠶᠠᠯ ᠤᠨ ᠪᠡᠶᠢᠷᠢ ᠶᠢ | ᠬᠦᠴᠦᠨ ᠦᠭᠡᠶ ᠪᠤᠯᠭᠠᠬᠤ ᠪᠤᠶᠤ ᠬᠢᠨᠠᠨ ᠬᠠᠰᠤᠬᠤ ᠪᠠᠷ ᠲᠤᠭᠲᠠᠭᠠᠪᠠ᠃ ᠬᠦᠴᠦᠨ ᠦᠭᠡᠶ ᠪᠤᠯᠭᠠᠭᠰᠠᠨ ᠪᠠ ᠬᠢᠨᠠᠨ | ᠬᠠᠰᠤᠭᠰᠠᠨ ᠲᠤᠰᠢᠶᠠᠯ ᠭᠡᠪᠡᠯ᠄ ᠬᠠᠶᠢᠯᠠᠷ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ ᠶᠢᠨ ᠬᠠᠤᠯᠢ | ᠴᠠᠭᠠᠵᠠ ᠶᠢᠨ ᠲᠤᠬᠠᠶᠢᠯᠠᠭᠰᠠᠨ ᠠᠵᠢᠯ ᠤᠨ ᠪᠠᠶᠢᠷᠢ︔ ᠥᠪᠥᠷ ᠮᠣᠩᠭᠤᠯ ᠤᠨ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠤᠨ ᠰᠤᠳᠤᠯᠭᠠᠨ ᠤ ᠬᠤᠷᠠᠯ ︵ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠡ︶ ᠤᠨ | ᠣᠷᠣᠰ ᠬᠡᠯᠡᠨ ᠤ ᠠᠵᠢᠯ ᠤᠨ ᠪᠠᠶᠢᠷᠢ ᠨᠢ ᠰᠢᠯᠭᠠᠬᠤ ᠬᠠᠷᠢᠴᠠᠯ ᠳᠤ ᠬᠦᠷᠦᠭᠰᠡᠨ ᠦᠭᠡᠢ ᠲᠤᠯᠠ ᠬᠦᠴᠦᠨ ᠦᠭᠡᠢ | ᠪᠤᠯᠭᠠᠪᠠ᠃ ᠥᠪᠥᠷ ᠮᠣᠩᠭᠤᠯ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠤᠳᠤᠯᠭᠠᠨ ᠤ ᠬᠤᠷᠠᠯ ︵ | ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠡ︶ ᠤᠨ ᠠᠵᠤ ᠠᠬᠤᠶ ᠶᠢᠨ ᠬᠠᠮᠢᠶᠠᠷᠤᠯᠲᠠ ᠶᠢᠨ | ᠠᠵᠢᠯ ᠤᠨ ᠪᠠᠶᠢᠷᠢ ᠶᠢ ᠬᠢᠨᠠᠨ ᠬᠠᠰᠤᠭᠠᠳ 1 ᠪᠤᠯᠭᠠᠪᠠ᠃ |