ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠨᠳᠤᠯᠭ᠎ᠠ | ᠲᠠᠢ ᠪᠠᠷ ᠠᠯᠪᠠᠲᠠᠨ ᠡᠯᠰᠡᠵᠦ ᠬᠥᠮᠦᠵᠢᠭᠦᠯᠬᠦ ᠠᠵᠢᠯ ᠦᠷᠨᠢᠭᠦᠯᠬᠦ ᠪᠠᠷ ᠲᠣᠭᠲᠠᠵᠤ᠂ ᠨᠡᠶᠢᠭᠡᠮ ᠳᠤ ᠬᠠᠨᠳᠤᠭᠤᠯᠤᠨ | 274 ᠬᠥᠮᠦᠨ ᠡᠯᠰᠡᠬᠦ ᠪᠠᠷ ᠲᠥᠯᠥᠪᠯᠡᠪᠡ᠃ ᠬᠠᠨᠳᠤᠯᠭ᠎ᠠ ᠲᠠᠢ ᠪᠠᠷ ᠡᠯᠰᠡᠵᠦ ᠬᠥᠮᠦᠵᠢᠭᠦᠯᠬᠦ ᠡᠲᠡᠭᠡᠳ ᠨᠢ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ︵ᠳᠣᠲᠣᠭᠠᠳᠤ ᠶᠢ ᠬᠠᠮᠠᠭᠠᠯᠠᠬᠤ ᠠᠯᠪᠠ ᠬᠠᠭᠠᠵᠤ ᠪᠠᠶᠢᠭ᠎ᠠ ᠴᠡᠷᠢᠭ ᠪᠠᠭᠲᠠᠨ᠎ᠠ︶ ᠶᠢᠨ | ᠴᠡᠷᠢᠭ ᠤᠨ ᠠᠯᠪᠠ ᠠᠴᠠ ᠪᠠᠭᠤᠭᠰᠠᠨ ᠣᠶᠣᠲᠠᠨ ᠪᠠᠶᠢᠯᠳᠤᠭᠴᠢ ᠪᠣᠯᠤᠨ ᠴᠡᠷᠢᠭ ᠤᠨ ᠠᠯᠪᠠ ᠠᠴᠠ ᠪᠠᠭᠤᠭᠰᠠᠨ | ᠪᠠᠶᠢᠯᠳᠤᠭᠴᠢ᠂ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠲᠤᠰ ᠬᠤᠭᠤᠴᠠᠭᠠᠨ ᠳᠠᠭᠠᠨ | ᠲᠡᠭᠦᠰᠦᠭᠰᠡᠳ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ | ᠬᠥᠮᠦᠰ ᠪᠣᠯᠣᠨ᠎ᠠ᠃ | ᠨᠠᠷᠢᠨ ᠪᠠᠶᠢᠳᠠᠯ ᠢ ᠥᠪᠥᠷ ᠮᠣᠩᠭᠤᠯ ᠤᠨ ᠠᠵᠢᠯᠲᠠᠨ ᠤ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ | http᠄ www.impta.com︶ ᠠᠴᠠ ᠪᠠᠶᠢᠴᠠᠭᠠᠨ ᠯᠠᠪᠯᠠᠭᠠᠷᠠᠢ᠃ | ᠨᠡᠷ᠎ᠡ ᠮᠡᠳᠡᠭᠦᠯᠬᠦ ᠴᠠᠭ᠄ 2015 ᠣᠨ ᠤ 8 ᠳ᠋ᠤᠭᠠᠷ ᠰᠠᠷ᠎ᠠ ᠶᠢᠨ 25 ᠤ ᠡᠳᠦᠷ ᠠᠴᠠ 31 ᠤ ᠡᠳᠦᠷ | ᠬᠦᠷᠲᠡᠯ᠎ᠡ᠃ | ᠪᠢᠷ ᠤᠨ ᠰᠢᠯᠭᠠᠯᠲᠠ ᠬᠢᠬᠦ ᠴᠠᠭ᠄ 2015 ᠣᠨ ᠤ 9 ᠳ᠋ᠦ᠋ᠭᠡᠷ ᠰᠠᠷ᠎ᠠ ᠶᠢᠨ 19 ᠤ ᠡᠳᠦᠷ ᠂ 20 ᠤ | ᠡᠳᠦᠷ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ | 2015 ᠣᠨ ᠤ 8 ᠳ᠋ᠤᠭᠠᠷ ᠰᠠᠷ᠎ᠠ ᠶᠢᠨ 20 ᠤ ᠡᠳᠦᠷ |