ᠪᠦᠬᠦ ᠤᠷᠤᠨ ᠤ ᠪᠠᠶᠢᠭᠤᠯᠤᠯᠭ᠎ᠠ ᠶᠢᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2015/8/26
     8 ᠳ᠋ᠤᠭᠠᠷ ᠰᠠᠷ᠎ᠠ ᠶᠢᠨ 24᠎ ᠤ ᠦᠳᠡ ᠶᠢᠨ ᠬᠤᠶᠢᠨ᠎ᠠ᠂ ᠪᠦᠬᠦ ᠤᠷᠤᠨ ᠤ ᠪᠠᠶᠢᠭᠤᠯᠤᠯᠭ᠎ᠠ ᠶᠢᠨ ᠨᠠᠮ  ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠦ᠂ ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ︽ᠨᠠᠮ ᠤᠨ ᠲᠦᠪ ᠬᠤᠷᠢᠶ᠎ᠠ ᠶᠢᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠ ᠰᠠᠶᠢᠵᠢᠷᠠᠭᠤᠯᠬᠤ ᠳᠤᠬᠠᠢ ᠰᠠᠨᠠᠯ︾ ᠵᠢᠴᠢ ᠦᠪᠡᠷᠳᠡᠭᠡᠨ ᠵᠠᠰᠠᠬᠤ ᠤᠷᠤᠨ ᠤ ︽ᠬᠡᠷᠡᠭᠵᠢᠬᠦᠯᠬᠦ ᠰᠠᠨᠠᠯ︾᠎ ᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠤᠷᠤᠨ ᠤ ᠪᠠᠶᠢᠭᠤᠯᠤᠯᠭ᠎ᠠ ᠶᠢᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠤᠯᠤᠯᠭ᠎ᠠ ᠶᠢᠨ ᠨᠠᠮ ᠤᠨ ᠤᠯᠠᠨ ᠲᠦᠮᠡᠨ ᠤ ᠪᠦᠯᠬᠦᠮ  ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠨᠢ ᠴᠢᠬᠤᠯᠠ ᠶᠡᠭᠡ ᠠᠴᠢ ᠬᠤᠯᠪᠤᠭᠳᠠᠯ ᠲᠠᠢ᠃ ᠡᠯ᠎ᠠ ᠰᠠᠯᠠᠭ᠎ᠠ ᠮᠦᠴᠢᠷ ᠡᠯ᠎ᠠ ᠨᠢᠭᠡᠴᠡ ᠦᠵᠡᠯ ᠰᠠᠨᠠᠭ᠎ᠠ ᠪᠠᠨ ᠨᠢᠭᠡᠳᠭᠡᠵᠦ᠂ ᠳᠠᠨᠢᠯᠳᠠ ᠪᠠᠨ ᠬᠦᠨᠵᠡᠭᠡᠶᠢᠷᠡᠬᠦᠯᠦᠨ᠂ ᠨᠠᠮ ᠤᠨ ᠤᠯᠠᠨ ᠲᠦᠮᠡᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠶᠢᠨ ᠦᠢᠯᠡᠳᠤᠯ ᠢ ᠦᠨᠡᠨᠬᠦ ᠰᠠᠶᠢᠳᠤᠷ ᠪᠠᠳᠠᠷᠠᠭᠤᠯᠬᠤ ᠬᠡᠷᠡᠭᠳᠡᠢ︔ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠳᠤᠳᠤᠷᠬᠠᠢᠢᠯᠠᠵᠦ᠂ ᠤᠯᠠᠨ ᠲᠦᠮᠡᠨ ᠤ ᠪᠦᠯᠬᠦᠮ ᠤᠨ ᠠᠵᠢᠯ ᠤᠨ ᠵᠢᠷᠤᠮᠵᠢᠬᠤ᠂ ᠰᠢᠨᠵᠢᠯᠡᠬᠦ ᠤᠬᠠᠭᠠᠨᠴᠢᠯᠠᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠨᠠᠮ ᠤᠨ ᠤᠯᠠᠨ ᠲᠦᠮᠡᠨ ᠤ ᠠᠵᠢᠯ ᠢ ᠬᠠᠮᠳᠤᠪᠡᠷ ᠠᠬᠢᠭᠤᠯᠬᠤ ᠬᠦᠴᠤᠷᠭᠡᠭ ᠶᠡᠭᠡ ᠨᠠᠶᠢᠯᠠᠯ ᠬᠦᠴᠦᠨ ᠢ ᠪᠦᠷᠢᠯᠳᠦᠬᠦᠯᠬᠦ ᠬᠡᠷᠡᠭᠳᠡᠢ︔ ᠨᠢᠭᠡᠳᠤᠯᠳᠡᠢ ᠲᠦᠯᠦᠪᠵᠢᠬᠦᠯᠦᠨ ᠠᠬᠢᠭᠤᠯᠵᠦ᠂ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠨ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠳᠠᠳᠠᠬᠤ ᠬᠦᠴᠦᠨ᠂ ᠨᠢᠭᠳᠠᠷᠠᠭᠤᠯᠬᠤ ᠬᠦᠴᠦᠨ᠂ ᠨᠦᠯᠦᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠬᠦᠯᠵᠦ᠂ ᠤᠯᠠᠨ ᠲᠦᠮᠡᠨ ᠢ ᠨᠠᠮ ᠤᠨ ᠳᠤᠭᠤᠷᠢᠨ ᠳᠤ ᠬᠠᠮᠤᠭ ᠤᠨ ᠦᠷᠭᠡᠨ ᠳᠡᠯᠭᠡᠷ ᠢᠶᠠᠷ ᠨᠢᠭᠳᠠᠷᠠᠭᠤᠯᠣᠨ ᠪᠦᠯᠬᠦᠮᠳᠡᠬᠦᠯᠵᠦ᠂ ᠪᠦᠬᠦ ᠤᠷᠤᠨ ᠤ ᠪᠠᠶᠢᠭᠤᠯᠤᠯᠭ᠎ᠠ ᠶᠢᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠰᠢᠨ᠎ᠠ ᠪᠠᠶᠢᠳᠠᠯ ᠢ ᠳᠠᠰᠤᠷᠠᠯᠳᠠ ᠦᠭᠡᠢ ᠨᠡᠭᠡᠭᠡᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号