2015 ᠣᠨ ᠤ 8 ᠳ᠋ᠤᠭᠠᠷ 21 ᠤ ᠡᠳᠦᠷ᠂ ᠥᠪᠥᠷ ᠮᠣᠩᠭᠤᠯ ᠤᠨ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠲᠢᠩᠬᠢᠮ ᠪᠦᠬᠦ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠢᠰᠲ᠋ᠧᠮ ᠤᠨ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ | ᠃ ᠲᠢᠩᠬᠢᠮ ᠤᠨ ᠭᠤᠣᠯ ᠬᠤᠷᠠᠯ ᠤᠨ ᠲᠠᠯᠠᠪᠠᠢ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ | ᠳᠡᠳ᠋ ᠳᠠᠷᠤᠭ᠎ᠠ ᠸᠠᠩ ᠵᠢᠶᠧ᠂ ᠳᠡᠳ᠋ ᠲᠣᠭᠤᠷᠢᠨ ᠪᠠᠶᠢᠴᠠᠭᠠᠭᠴᠢ ᠸᠠᠩ ᠵᠢᠶᠠᠨ ᠮᠢᠨ᠂ ᠲᠢᠩᠬᠢᠮ ᠤᠨ ᠬᠠᠷᠢᠶ᠎ᠠ | ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ | ᠬᠤᠯᠪᠣᠭᠳᠠᠯ ᠪᠦᠬᠦᠢ ᠭᠠᠵᠠᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠪᠦᠬᠦ ᠣᠷᠣᠨ ᠳᠤ ᠨᠡᠶᠢᠲᠡ | 957 ᠬᠥᠮᠦᠨ ᠲᠤᠰ ᠤᠳᠠᠭᠠᠨ ᠤ ᠲᠧᠯᠸᠢᠰ ᠳ᠋ᠢᠶᠠᠩᠬᠤᠸᠠ ᠬᠤᠷᠠᠯ ᠳᠤ ᠣᠷᠣᠯᠴᠠᠪᠠ᠃ | ᠲᠢᠩᠬᠢᠮ ᠤᠨ ᠳᠡᠳ᠋ ᠳᠠᠷᠤᠭ᠎ᠠ ᠸᠠᠩ ᠵᠢᠶᠧ ᠵᠢᠭᠠᠬᠤ ᠳᠠᠭᠠᠨ ᠮᠠᠨ ᠤ ᠣᠷᠣᠨ ᠤ ᠣᠳᠣᠬᠠᠨ ᠤ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠬᠦᠨᠳᠦ ᠬᠡᠴᠡᠭᠦᠦ ᠪᠠᠶᠢᠨ᠎ᠠ᠂ ᠠᠶᠤᠯ ᠦᠭᠡᠢ ᠦᠢᠯᠡᠳᠪᠦᠷᠢᠯᠡᠯ ᠤᠨ | ᠠᠵᠢᠯ ᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠤᠷ ᠲᠦᠪᠰᠢᠨ ᠬᠥᠭᠵᠢᠯᠲᠡ ᠶᠢᠨ ᠦᠵᠡᠯᠲᠡ | ᠪᠣᠯᠣᠨ ᠬᠤᠷᠢᠭ᠎ᠠ ᠱᠤᠭᠤᠮ ᠤᠨ ᠦᠵᠡᠯ ᠤᠬᠠᠮᠰᠠᠷ ᠢ ᠪᠤᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠶᠤᠯ ᠦᠭᠡᠢ | ᠦᠢᠯᠡᠳᠪᠦᠷᠢᠯᠡᠯ ᠤᠨ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ | ᠭᠠᠷᠬᠤ ᠠᠴᠠ ᠡᠷᠡᠰ ᠬᠤᠷᠢᠭᠯᠠᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ | ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠥᠰᠦᠯ ᠲᠣᠭᠲᠠᠭᠠᠵᠤ᠂ ᠭᠦᠨᠵᠡᠭᠡᠶ | ᠳᠠᠶᠢᠴᠢᠯᠠᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠠᠵᠢᠯ ᠢ ᠣᠷᠣᠨ ᠪᠠᠶᠢᠷᠢ ᠳᠤᠨᠢ ᠲᠤᠯᠲᠠᠯ᠎ᠠ ᠬᠢᠬᠦ ᠶᠢ | ᠦᠨᠡᠨᠬᠦ ᠪᠠᠲᠤᠯᠠᠬᠤ ᠬᠡᠷᠡᠭᠲᠡᠢ︔ ᠬᠤᠶᠠᠷ ᠲᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ | ᠰᠢᠷᠤᠢ ᠡᠬᠢ ᠪᠠᠶᠠᠯᠢᠭ ᠤᠨ ᠲᠣᠪᠴᠢᠶ᠎ᠠ ᠨᠤᠭᠤᠳ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠥᠪᠯᠡᠷᠡᠭᠦᠯᠦᠨ ᠴᠡᠭᠴᠡᠯᠡᠨ | ᠵᠠᠰᠠᠵᠤ᠂ ᠨᠢᠭᠡ ᠪᠦᠯᠦᠭ ᠠᠮᠤᠷ ᠲᠦᠪᠰᠢᠨ ᠤ ᠳᠠᠯᠳᠠ ᠭᠡᠮ ᠢ ᠬᠠᠤᠯᠢ ᠶᠣᠰᠣᠭᠠᠷ ᠴᠡᠪᠡᠷᠯᠡᠨ ᠠᠷᠢᠯᠭᠠᠵᠤ ᠴᠡᠭᠴᠡᠯᠡᠨ | ᠥᠭᠡᠷᠡᠴᠢᠯᠡᠬᠦ ᠬᠡᠷᠡᠭᠲᠡᠢ᠃ ᠲᠢᠩᠬᠢᠮ ᠤᠨ ᠬᠠᠷᠢᠶ᠎ᠠ ᠡᠯ᠎ᠡ ᠨᠢᠭᠡᠴᠡ ᠨᠦᠭᠦᠳ ᠪᠦᠬᠦᠨ ᠢ ᠪᠦᠷᠬᠦᠭᠦᠯᠦᠭᠰᠡᠨ | ᠪᠠᠶᠢᠴᠠᠭᠠᠯᠲᠠ ᠬᠢᠵᠦ᠂ ᠣᠯᠠᠨ ᠠᠷᠭ᠎ᠠ ᠶᠢ ᠵᠡᠷᠭᠡᠪᠡᠷ ᠬᠡᠷᠡᠭᠯᠡᠵᠦ᠂ ᠦᠨᠳᠦᠰᠦ ᠪᠠ ᠥᠩᠭᠡᠨ ᠲᠠᠯ᠎ᠠ ᠶᠢ ᠵᠡᠷᠭᠡᠪᠡᠷ | ᠵᠠᠰᠠᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠢ︔ ᠭᠤᠷᠪᠠ ᠳᠤ ᠡᠯ᠎ᠡ ᠵᠦᠢᠯ ᠤᠨ ᠵᠠᠭᠤᠴᠢ ᠶᠢ ᠭᠦᠢᠴᠡᠳ ᠠᠰᠢᠭᠯᠠᠨ᠂ ᠣᠯᠠᠨ ᠵᠦᠢᠯ ᠤᠨ | ᠬᠡᠯᠪᠡᠷᠢ ᠶᠢ ᠠᠪᠴᠤ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠬᠦ ᠪᠠ ᠡᠰᠡᠷᠭᠦ ᠲᠠᠯ᠎ᠠ ᠶᠢᠨ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠦᠯᠢᠭᠡᠷ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠪᠠ ᠰᠡᠷᠡᠮᠵᠢᠭᠦᠯᠦᠨ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠶᠡᠭᠡ | ᠪᠠᠢᠴᠠᠭᠠᠯᠲᠠ ᠳᠤ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠤᠯᠪᠣᠭᠳᠠᠯ ᠪᠦᠬᠦᠢ ᠳᠦᠷᠢᠮ | ᠲᠣᠭᠲᠠᠭᠠᠯ ᠪᠠ ᠠᠷᠭ᠎ᠠ ᠬᠡᠮᠵᠢᠶ᠎ᠡ ᠲᠣᠭᠲᠠᠭᠠᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠤᠷᠲᠤ | ᠬᠤᠭᠤᠴᠠᠭᠠᠨ ᠤ ᠬᠦᠴᠦᠨ ᠪᠦᠬᠦᠢ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ |