ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ ᠤᠯᠠᠭᠠᠨᠴᠠᠪ ᠬᠤᠲᠠ ᠳᠤ 2015 ᠣᠨ ᠤ ᠬᠤᠶᠠᠳᠤᠭᠠᠷ ᠪᠦᠯᠦᠭ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠪ ᠤᠨ ᠲᠤᠰᠬᠠᠶ ᠵᠦᠢᠯ ᠤᠨ ᠪᠡᠯᠡ ᠮᠥᠩᠭᠦ ᠶᠢ 1041 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2015/8/27
      ᠦᠪᠦᠷ ᠡᠳ᠋ ᠰᠤᠷᠭᠠᠨ ﹇2015﹈ 1147 ᠳ᠋ᠤᠭᠠᠷ ᠲᠤᠭᠠᠲᠤ ᠶᠢ ᠦᠨᠳᠦᠰᠦᠯᠡᠨ᠂ ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠲᠢᠩᠬᠢᠮ ᠠᠴᠠ ᠤᠯᠠᠭᠠᠨᠴᠠᠪ ᠬᠤᠲᠠ ᠳᠤ 2015 ᠣᠨ ᠤ ᠬᠤᠶᠠᠳᠤᠭᠠᠷ ᠪᠦᠯᠦᠭ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠪ ᠤᠨ ᠲᠤᠰᠬᠠᠶ ᠵᠦᠢᠯ ᠤᠨ ᠪᠡᠯᠡ ᠮᠥᠩᠭᠦ ᠶᠢ 1041 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ ᠱᠠᠩᠳᠤ ᠰᠢᠶᠠᠨ ᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠎ ᠳᠤ 564 ᠲᠦᠮᠡᠨ ᠲᠥᠭᠦᠷᠢᠭ᠂ ᠰᠢᠩᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ 477 ᠲᠦᠮᠡᠨ ᠲᠥᠭᠦᠷᠢᠭ ᠪᠠᠭᠤᠯᠭᠠᠪᠠ᠃ ᠨᠢᠭᠡᠳᠦᠭᠡᠷ ᠪᠦᠯᠦᠭ ᠤᠨ 1121 ᠲᠦᠮᠡᠨ ᠲᠦᠭᠦᠷᠢᠭ ᠤᠨ ᠪᠡᠯᠡ ᠮᠥᠩᠭᠦ ᠶᠢ 4 ᠳ᠋ᠤᠭᠡᠷ ᠰᠠᠷ᠎ᠠ ᠳᠤ ᠨᠢᠭᠡᠨᠲᠡ ᠪᠠᠭᠤᠯᠭᠠᠵᠤ᠂ ᠡᠭᠦᠨ ᠳᠤ ᠬᠤᠸᠠᠳᠧ ᠶᠢᠨ ᠨᠢᠭᠡᠳᠦᠭᠡᠷ ᠳᠤᠮᠳᠠᠲᠤ ᠰᠤᠷᠭᠠᠭᠤᠯᠢ ᠳᠤ 60 ᠲᠦᠮᠡᠨ ᠲᠥᠭᠦᠷᠢᠭ᠂ ᠱᠠᠩᠳᠤ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 561 ᠲᠦᠮᠡᠨ ᠲᠥᠭᠦᠷᠢᠭ᠂ ᠰᠢᠩᠾᠧ ᠶᠢᠨ ᠨᠢᠭᠡᠳᠦᠭᠡᠷ ᠳᠤᠮᠳᠠᠲᠤ ᠰᠤᠷᠭᠠᠭᠤᠯᠢ ᠳᠤ 500 ᠲᠦᠮᠡᠨ ᠲᠥᠭᠦᠷᠢᠭ ᠪᠠᠭᠤᠯᠭᠠᠪᠠ᠃ ᠲᠤᠰ ᠬᠡᠰᠡᠭ ᠪᠡᠯᠡ ᠮᠥᠩᠭᠦ ᠶᠢ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠶᠢ ᠰᠢᠨᠡᠳᠭᠡᠨ ᠵᠠᠰᠠᠬᠤ ᠪᠠ ᠥᠷᠭᠡᠳᠬᠡᠨ ᠪᠠᠶᠢᠭᠤᠯᠬᠤ᠂ ᠨᠣᠮ ᠪᠢᠴᠢᠭ ᠪᠣᠯᠤᠨ ᠵᠢᠭᠠᠨ ᠰᠤᠷᠭᠠᠬᠤ ᠪᠠᠭᠠᠵᠢ ᠲᠥᠬᠦᠭᠡᠷᠦᠮᠵᠢ ᠲᠣᠬᠢᠷᠠᠭᠤᠯᠬᠤ ᠵᠢᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠳᠠᠭᠠᠯᠲᠠ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ ᠲᠤᠰ ᠪᠡᠯᠡ ᠮᠥᠩᠭᠦ ᠶᠢ ᠳᠠᠩᠰᠠ ᠬᠤᠪᠢᠶᠠᠨ ᠲᠤᠭᠠᠴᠠᠭ᠎ᠠ ᠬᠢᠵᠤ᠂ ᠲᠤᠰᠬᠠᠶ ᠵᠣᠭᠤᠰ ᠢ ᠲᠤᠰᠬᠠᠢ ᠵᠦᠢᠯ ᠳᠤᠨᠢ ᠬᠡᠷᠡᠭᠯᠡᠭᠦᠯᠵᠤ᠂ ᠡᠭᠦᠨ ᠤ ᠬᠠᠮᠲᠤ ᠡᠳ᠋ ᠤᠨ ᠵᠠᠰᠠᠭ᠂ ᠬᠢᠨᠠᠨ ᠪᠣᠳᠣᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠤᠨ ᠪᠠᠶᠢᠴᠠᠭᠠᠯᠲᠠ ᠬᠢᠵᠦ ᠬᠢᠨᠠᠯᠲᠠ ᠲᠠᠯᠪᠢᠬᠤ ᠶᠢ ᠬᠦᠯᠢᠶᠡᠯᠭᠡᠨ᠎ᠡ᠃ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠬᠤᠳᠠᠯ ᠬᠡᠯᠡᠵᠦ ᠬᠠᠭᠤᠷᠮᠠᠭᠯᠠᠨ ᠵᠤᠬᠢᠶᠠᠵᠤ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号