2015 ᠣᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ 10 ᠳ᠋ᠤᠭᠠᠷ ᠰᠠᠷ᠎ᠠ ᠶᠢᠨ 24᠎ ᠤ ᠡᠳᠦᠷ ᠡᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2015/8/27
     ᠰᠤᠷᠭᠠᠨ ᠬᠥᠮᠦᠵᠢᠯ ᠤᠨ ᠶᠠᠮᠤᠨ ᠣᠷᠴᠢᠮᠬᠠᠨ ︽2015 ᠣᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠲᠠᠷᠬᠠᠭᠠᠵᠤ᠂ 2015 ᠣᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ ᠡᠯᠰᠡᠬᠦ ᠠᠵᠢᠯ ᠨᠢ ︽ᠰᠢᠯᠭᠠᠯᠲᠠ ᠬᠢᠵᠦ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ  ᠬᠤᠷᠢᠶ᠎ᠠ ᠶᠢᠨ ᠬᠡᠷᠡᠭᠵᠢᠭᠦᠯᠬᠦ ᠰᠠᠨᠠᠯ︾᠎ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠭᠠᠯᠲᠠ ᠬᠢᠬᠦ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠰᠤᠷᠤᠭᠴᠢ ᠡᠯᠰᠡᠬᠦ ᠡᠮᠬᠢ ᠵᠢᠷᠤᠮ ᠢ ᠴᠢᠩᠭ᠎ᠠ ᠵᠢᠷᠤᠮᠵᠢᠭᠤᠯᠵᠤ᠂ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠶᠢ ᠢᠯᠡ ᠪᠠᠶᠢᠯᠭᠠᠬᠤ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃  ᠣᠶᠢᠯᠠᠭᠠᠭᠰᠠᠨ ᠢᠶᠠᠷ 2015 ᠣᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠬᠤᠭᠤᠴᠠᠭ᠎ᠠ ᠨᠢ 10 ᠳ᠋ᠤᠭᠠᠷ ᠰᠠᠷ᠎ᠠ ᠶᠢᠨ 24᠎ ᠤ ᠡᠳᠦᠷ᠂ 25᠎ ᠤ ᠡᠳᠦᠷ ᠪᠣᠯᠣᠨ᠎ᠠ᠃ ᠰᠢᠯᠭᠠᠯᠲᠠ ᠨᠢ 2011 ᠣᠨ ᠤ ᠬᠡᠪᠯᠡᠯ ᠤᠨ ︽ᠪᠦᠬᠦ ᠤᠯᠤᠰ ᠤᠨ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠳᠠᠪᠲᠠᠬᠤ ᠬᠥᠲᠥᠯᠪᠦᠷᠢ︾᠎ ᠶᠢ ᠦᠨᠳᠦᠰᠦᠯᠡᠨ ᠰᠡᠳᠦᠪ ᠭᠠᠷᠭᠠᠵᠤ᠂ ᠲᠤᠰᠬᠠᠶ ᠮᠡᠷᠭᠡᠵᠢᠯ ᠤᠨ ᠡᠬᠢᠯᠡᠯᠲᠡ ᠶᠢᠨ ᠴᠢᠭ᠋ ᠠᠴᠠ ᠵᠢᠩᠬᠢᠨᠢ ᠠᠩᠭᠢ ᠳᠤ ᠳᠠᠪᠰᠢᠬᠤ ᠰᠤᠷᠤᠭᠴᠢ ᠡᠯᠰᠡᠬᠦ ᠲᠤᠰᠬᠠᠶ ᠮᠡᠷᠭᠡᠵᠢᠯ ᠤᠨ ᠬᠠᠷᠠᠭᠠᠯᠵᠠᠭᠰᠠᠨ ᠰᠢᠯᠭᠠᠯᠲᠠ ᠶᠢᠨ ᠲᠦᠷᠦᠯ ᠢ ᠪᠣᠯ ︽ᠲᠤᠰᠬᠠᠢ ᠮᠡᠷᠭᠡᠵᠢᠯ ᠤᠨ ᠡᠬᠢᠯᠡᠯᠲᠡ ᠶᠢᠨ ᠴᠢᠭ᠋ ᠠᠴᠠ  ᠵᠢᠩᠬᠢᠨᠢ ᠠᠩᠭᠢ ᠳᠤ ᠳᠠᠪᠰᠢᠬᠤ ᠲᠤᠰᠬᠠᠶ ᠮᠡᠷᠭᠡᠵᠢᠯ ᠬᠢᠭᠡᠳ ᠨᠢᠭᠡᠳᠦᠯᠲᠡᠶ ᠰᠢᠯᠭᠠᠯᠲᠠ ᠶᠢᠨ ᠲᠦᠷᠥᠯ ᠤᠨ ᠬᠠᠷᠢᠭᠤᠴᠠᠭᠤᠯᠤᠭᠰᠠᠨ ᠬᠦᠰᠦᠨᠦᠭᠲᠦ︾᠎ ᠶᠢ ᠦᠨᠳᠦᠰᠦᠯᠡᠨ ᠬᠡᠷᠡᠭᠵᠢᠭᠦᠯᠦᠨ᠎ᠡ᠃  ᠮᠡᠳᠡᠭᠳᠡᠯ ᠳᠤ ᠱᠠᠭᠠᠷᠳᠠᠭᠰᠠᠨ ᠨᠢ᠂ 2015 ᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ ᠡᠯᠰᠡᠬᠦ ᠠᠵᠢᠯ ᠨᠢ ᠨᠢᠭᠡ ᠳᠤ ᠰᠢᠯᠭᠠᠯᠲᠠ ᠬᠢᠬᠦ ᠣᠷᠴᠢᠨ  ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠰᠢᠯᠭᠠᠯᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠰᠢᠯᠭᠠᠯᠲᠠ ᠶᠢᠨ ᠠᠮᠤᠷ ᠲᠦᠪᠰᠢᠨ ᠤ ᠰᠢᠰᠲ᠋ᠧᠮᠵᠢ ᠶᠢ ᠳᠡᠭᠦᠯᠳᠡᠷᠵᠢᠭᠦᠯᠦᠨ ᠴᠢᠩᠭᠠᠳᠬᠠᠨ᠂ ᠦᠨᠡᠨᠴᠢ ᠢᠲᠡᠭᠡᠮᠵᠢᠲᠡᠶ ᠰᠢᠯᠭᠠᠯᠲᠠ ᠶᠢᠨ ᠰᠤᠷᠭᠠᠨ ᠬᠥᠮᠦᠵᠢᠯ ᠢ ᠴᠢᠩᠭᠠᠳᠬᠠᠬᠤ ᠬᠡᠷᠡᠭᠲᠡᠢ︔ ᠬᠤᠶᠠᠷ ᠲᠤ ᠰᠤᠷᠤᠭᠴᠢ ᠡᠯᠰᠡᠬᠦ ᠡᠮᠬᠢ ᠵᠢᠷᠤᠮ ᠢ ᠴᠢᠩᠭ᠎ᠠ ᠵᠢᠷᠤᠮᠵᠢᠭᠤᠯᠵᠤ᠂ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠵᠠᠬᠢᠳᠠᠯ ᠢᠶᠠᠷ ᠰᠤᠷᠬᠤ ᠴᠢᠭ᠋ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠲᠥᠯᠥᠪᠯᠡᠭᠡ ᠨᠠᠶᠢᠷᠠᠭᠤᠯᠤᠨ ᠵᠣᠬᠢᠶᠠᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠵᠦᠢ ᠵᠣᠬᠢᠰᠲᠠᠢ ᠲᠣᠭᠲᠠᠭᠠᠨ᠂ ᠵᠢᠷᠤᠮᠵᠢᠯ ᠲᠠᠢ ᠬᠠᠮᠢᠶᠠᠷᠬᠤ ᠶᠢ ᠦᠨᠡᠨᠬᠦ ᠴᠢᠩᠭᠠᠳᠬᠠᠬᠤ ᠬᠡᠷᠡᠭᠲᠡᠢ︔ ᠭᠤᠷᠪᠠ ᠳᠤ᠂ ᠢᠯᠡ ᠪᠠᠶᠢᠯᠭᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠢᠯᠡ ᠲᠣᠳᠣ᠂  ᠲᠥᠪ ᠭᠤᠣᠯᠴᠢ ᠪᠠᠷ ᠰᠤᠷᠤᠭᠴᠢ ᠡᠯᠰᠡᠬᠦ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠰᠤᠷᠤᠭᠴᠢ ᠡᠯᠰᠡᠬᠦ ᠮᠡᠳᠡᠭᠡ ᠵᠠᠩᠭᠢ ᠶᠢᠨ ︽ᠠᠷᠪᠠ ᠶᠢ ᠢᠯᠡ ᠪᠠᠶᠢᠯᠭᠠᠬᠤ︾᠎ ᠶᠢ ᠲᠦᠯᠬᠢᠨ ᠠᠬᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号