ᠬᠢᠩᠭᠠᠨ ᠠᠶᠢᠮᠠᠭ 2015 ᠣᠨ ᠤ ᠲᠠᠷᠢᠶᠠᠯᠠᠩ ᠢ ᠲᠡᠮᠵᠢᠵᠦ ᠬᠠᠮᠠᠭᠠᠯᠠᠬᠤ ᠨᠥᠬᠦᠪᠥᠷᠢ ᠪᠡᠯᠡ ᠮᠥᠩᠭᠦ ᠶᠢ ᠨᠢᠭᠡᠨᠲᠡ ᠪᠦᠬᠦᠨ ᠢ ᠤᠯᠭᠤᠵᠤ ᠬᠦᠢᠴᠡᠭᠡᠪᠡ
ᠨᠡᠶᠢᠲᠡᠯᠡᠭᠰᠡᠨ ᠴᠠᠭ᠄
2015/8/28
      2015 ᠣᠨ ᠠᠴᠠ ᠡᠬᠢᠯᠡᠨ᠂ ᠤᠯᠤᠰ ᠠᠴᠠ ᠲᠠᠷᠢᠶᠠᠯᠠᠩ ᠤᠨ ᠭᠤᠷᠪᠠᠨ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠥᠭᠡᠷᠡᠴᠢᠯᠡᠯᠲᠡ ᠬᠢᠵᠤ᠂ ᠲᠠᠷᠢᠶᠠᠴᠢᠳ ᠲᠤ ᠤᠯᠭᠤᠬᠤ ᠠᠮᠤ ᠪᠤᠳᠠᠭᠠᠨ ᠤ ᠰᠢᠭᠤᠳ ᠨᠥᠬᠦᠪᠥᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠪᠤᠯᠤᠨ ᠲᠠᠷᠢᠮᠠᠯ ᠤᠨ ᠰᠠᠶᠢᠨ ᠦᠷ᠎ᠡ ᠡᠭᠦᠯᠳᠡᠷ ᠤᠨ ᠨᠥᠬᠦᠪᠥᠷᠢ ᠵᠡᠷᠭᠡ ᠭᠤᠷᠪᠠᠨ ᠲᠦᠷᠦᠯ ᠵᠦᠢᠯ ᠢ ᠲᠤᠬᠢᠷᠠᠭᠤᠯᠤᠨ ᠨᠡᠶᠢᠯᠡᠭᠦᠯᠦᠭᠡᠳ ᠲᠠᠷᠢᠶᠠᠯᠠᠩ ᠢ ᠲᠡᠮᠵᠢᠵᠤ ᠬᠠᠮᠠᠭᠠᠯᠠᠬᠤ ᠨᠥᠬᠦᠪᠥᠷᠢ ᠪᠤᠯᠭᠠᠪᠠ᠃ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠬᠤᠯᠪᠤᠭᠳᠠᠭᠰᠠᠨ ᠠᠴᠠ ᠪᠤᠯᠤᠭᠠᠳ᠂ ᠡᠨᠡ ᠵᠢᠯ ᠤᠨ ᠪᠡᠯᠡ ᠮᠥᠩᠭᠦ ᠪᠠᠭᠤᠯᠭᠠᠬᠤ ᠨᠢ ᠨᠡᠯᠢᠶᠡᠳ ᠤᠷᠤᠶᠢᠲᠠᠭᠰᠠᠨ ᠲᠤᠯᠠ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠠᠷᠢᠶᠠᠯᠠᠩ ᠤᠨ ᠰᠠᠯᠠᠭ᠎ᠠ ᠮᠥᠴᠢᠷ ᠯᠦᠭᠡ ᠬᠠᠮᠲᠤᠷᠠᠨ ᠨᠥᠬᠦᠪᠥᠷᠢ ᠪᠡᠯᠡ ᠮᠥᠩᠭᠦ ᠶᠢ ᠲᠤᠰᠬᠠᠶ ᠳᠠᠩᠰᠠ ᠡᠷᠦᠬᠡ ᠪᠠᠷ ᠬᠠᠮᠢᠶᠠᠷᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠦᠬᠦᠪᠦᠷᠢ ᠶᠢ ︽ᠪᠦᠬᠦᠨ ᠳᠤ ᠳᠣᠭᠢᠷᠠᠬᠤ ᠺᠠᠷᠲ︾᠎ ᠢᠶᠠᠷ ᠦᠭᠭᠦ ᠶᠢ ᠬᠡᠷᠡᠭᠵᠢᠬᠦᠯᠵᠤ᠂ ᠨᠥᠬᠦᠪᠥᠷᠢ ᠪᠡᠯᠡ ᠮᠥᠩᠭᠦ ᠶᠢ ᠪᠢᠲᠡᠭᠦᠦ ᠪᠠᠷ ᠡᠷᠬᠢᠯᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠠᠢ᠃ ᠨᠥᠬᠦᠪᠥᠷᠢ ᠶᠢᠨ ᠵᠤᠭᠤᠰ ᠤᠨ ᠲᠤᠭ᠎ᠠ ᠶᠢ ᠨᠡᠶᠢᠲᠡ ᠳᠤ ᠵᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠨᠡᠶᠢᠲᠡ ᠳᠤ ᠵᠠᠷᠯᠠᠬᠤ ᠶᠢ ᠬᠠᠷᠢᠭᠤᠴᠠᠨ᠂ ᠲᠠᠷᠢᠶᠠᠯᠠᠬᠤ ᠡᠷᠦᠬᠡ ᠨᠢᠭᠡᠪᠦᠷᠢ ᠶᠢᠨ ᠨᠥᠬᠦᠪᠥᠷᠢ ᠶᠢᠨ ᠲᠠᠯᠠᠪᠠᠶ᠂ ᠨᠥᠬᠦᠪᠥᠷᠢ ᠶᠢᠨ ᠪᠠᠷᠢᠮᠵᠢᠶ᠎ᠠ᠂ ᠨᠦᠬᠦᠪᠦᠷᠢ ᠶᠢᠨ ᠵᠣᠭᠤᠰ ᠤᠨ ᠲᠤᠭ᠎ᠠ ᠶᠢ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠵᠤ᠂ ᠵᠠᠷᠯᠠᠨ ᠨᠡᠶᠢᠲᠡᠯᠡᠭᠰᠡᠨ ᠠᠭᠤᠯᠭ᠎ᠠ ᠬᠢᠭᠡᠳ ᠪᠣᠳᠠᠲᠠᠶ ᠨᠥᠬᠦᠪᠥᠷᠢ ᠤᠯᠭᠤᠭᠰᠠᠨ ᠪᠠᠶᠢᠳᠠᠯ ᠤᠨ ᠨᠢᠭᠡᠳᠦᠯᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠠᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠨᠡ ᠵᠢᠯ ᠠᠴᠠ ᠡᠬᠢᠯᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠠᠴᠠ 20 %᠎ ᠶᠢᠨ ᠪᠡᠯᠡ ᠮᠥᠩᠭᠦ ᠶᠢ ᠲᠤᠬᠢᠷᠠᠭᠤᠯᠤᠨ᠂ ᠠᠮᠤ ᠪᠤᠳᠠᠭ᠎ᠠ ᠶᠢᠨ ᠵᠣᠬᠢᠬᠤ ᠬᠡᠮᠵᠢᠶᠡᠨ ᠤ ᠬᠡᠪᠴᠢᠶᠡᠲᠦ ᠡᠵᠡᠩᠨᠡᠯᠲᠡ ᠶᠢ ᠳᠡᠮᠵᠢᠬᠦ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠤᠳᠤᠬᠠᠨ ᠪᠤᠯᠲᠠᠯ᠎ᠠ᠂ ᠬᠢᠩᠭᠠᠨ ᠠᠶᠢᠮᠠᠭ 2015 ᠣᠨ ᠤ ᠠᠮᠤ ᠪᠤᠳᠠᠭᠠᠨ ᠤ ᠰᠢᠭᠤᠳ ᠨᠥᠬᠦᠪᠥᠷᠢ ᠶᠢᠨ ᠪᠡᠯᠡ ᠮᠥᠩᠭᠦ 7,546 ᠲᠦᠮᠡᠨ ᠲᠥᠭᠦᠷᠢᠭ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠶᠢᠨ ᠪᠡᠯᠡ ᠮᠥᠩᠭᠦ 51,530 ᠲᠦᠮᠡᠨ ᠲᠥᠭᠦᠷᠢᠭ ᠢ ᠪᠦᠬᠦᠨ ᠢ ᠲᠠᠷᠢᠶᠠᠴᠢᠳ ᠤᠨ ︽ᠪᠦᠬᠦᠨ ᠳᠤ ᠳᠣᠭᠢᠷᠠᠬᠤ ᠺᠠᠷᠲ︾᠎ ᠤᠨ ᠳᠠᠩᠰᠠᠨ ᠳᠤ ᠤᠷᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号