ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ‍ᠦᠨ‌‍ᠰᠢᠨᠵᠢᠯᠡᠭᠡᠨ ᠤ ᠨᠡᠶᠢᠭᠡᠮᠯᠢᠭ ᠤᠨ ᠣᠶᠤᠲᠠᠳ ᠤᠨ ᠰᠡᠳᠬᠢᠴᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠡᠪᠯᠡᠯ ᠤᠨ 2015 ᠣᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/8/3
     7 ᠳ᠋ᠤᠭᠠᠷ ᠰᠠᠷ᠎ᠠ ᠶᠢᠨ 28᠎ ᠤ ᠡᠳᠦᠷ᠂ ᠤᠯᠠᠭᠠᠨᠬᠠᠳᠠ ᠳᠡᠭᠡᠳᠦ ᠰᠤᠷᠭᠠᠭᠤᠯᠢ ᠠᠴᠠ ᠳᠠᠭᠠᠭᠠᠨ ᠡᠷᠬᠢᠯᠡᠭᠰᠡᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠢᠨᠵᠢᠯᠡᠭᠡᠨ ᠤ ᠨᠡᠶᠢᠭᠡᠮᠯᠢᠭ ᠤᠨ ᠣᠶᠤᠲᠠᠳ ᠤᠨ ᠰᠡᠳᠬᠢᠴᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠡᠪᠯᠡᠯ ︵ᠳᠣᠷᠣᠭᠰᠢ ᠰᠢᠨᠵᠢᠯᠡᠭᠡᠨ ᠤ ᠨᠡᠶᠢᠭᠡᠮᠯᠢᠭ ᠭᠡᠵᠦ ᠲᠣᠪᠴᠢᠯᠠᠨ᠎ᠠ︶᠎ ᠤᠨ 2015 ᠣᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠵᠢᠴᠢ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠪᠠᠭᠰᠢ ᠶᠢᠨ ᠬᠢᠨᠠᠨ ᠵᠢᠯᠣᠭᠤᠳᠬᠤ ᠪᠣᠯᠪᠠᠰᠤᠷᠠᠭᠤᠯᠤᠯ ᠤᠨ ᠠᠩᠭᠢ ᠤᠯᠠᠭᠠᠨᠬᠠᠳᠠ ᠬᠤᠲᠠ ᠳᠤ ᠨᠡᠭᠡᠭᠡᠭᠳᠡᠪᠡ᠃ ᠲᠤᠰ ᠤᠳᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠨᠢ ᠣᠶᠣᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠭᠵᠢᠯᠲᠡ ᠪᠠ ᠰᠢᠨ᠎ᠡ ᠶᠢ ᠡᠭᠦᠳᠬᠦ ᠪᠠᠷ ᠭᠤᠣᠯ ᠰᠡᠳᠦᠪ ᠪᠣᠯᠭᠠᠨ᠂ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠣᠷᠣᠨ ᠤ ᠨᠡᠶᠢᠲᠡ 42 ᠳᠡᠭᠡᠳᠦ ᠰᠤᠷᠭᠠᠭᠤᠯᠢ ᠶᠢᠨ ᠭᠡᠰᠢᠭᠦᠨ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠳᠠᠷᠤᠭ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠤᠯ ᠤᠨ ᠨᠠᠮ ᠤᠨ ᠬᠤᠷᠢᠶ᠎ᠠ ᠶᠢᠨ ᠱᠦᠵᠢ᠂ ᠳ᠋ᠣᠺᠲ᠋ᠣᠷᠠᠨᠲ ᠤᠨ ᠤᠳᠤᠷᠢᠳᠤᠭᠴᠢ ᠪᠠᠭᠰᠢ ᠴᠧᠨ ᠵᠥᠩ ᠶᠦᠩ᠂  ᠰᠢᠨᠵᠢᠯᠡᠭᠡᠨ ᠤ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠢ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠠᠭᠤᠯᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠤᠭᠴᠢ ᠶᠢᠨ ᠠᠵᠢᠯ ᠤᠨ ᠭᠠᠵᠠᠷ ᠤᠨ ᠡᠷᠬᠢᠯᠡᠬᠦ ᠬᠡᠰᠢᠭᠦᠨᠴᠢ ᠯᠢ ᠮᠢᠨ ᠬᠤᠢ᠂ ᠰᠢᠨᠵᠢᠯᠡᠭᠡᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠯᠢ ᠬᠤᠶ ᠣᠨ ᠤ ᠬᠤᠷᠠᠯ ᠳᠤ ᠣᠷᠣᠯᠴᠠᠪᠠ᠃ ᠬᠤᠷᠠᠯ ᠳᠤ ᠰᠢᠨᠵᠢᠯᠡᠭᠡᠨ ᠤ ᠨᠡᠶᠢᠭᠡᠮᠯᠢᠭ ᠤᠨ ᠠᠵᠢᠯ ᠤᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2015 ᠣᠨ ᠤ ᠱᠠᠩᠨᠠᠯ ᠣᠯᠤᠭᠰᠠᠨ ᠰᠢᠯᠢᠳᠡᠭ ᠥᠭᠦᠯᠡᠯ ᠪᠠ ᠰᠢᠨᠵᠢᠯᠡᠭᠡᠨ ᠤ ᠨᠡᠶᠢᠭᠡᠮᠯᠢᠭ ᠤᠨ ᠲᠡᠷᠢᠭᠦᠨ ᠤ ᠬᠤᠪᠢ ᠬᠥᠮᠦᠨ ᠶᠢ ᠰᠠᠶᠢᠰᠢᠶᠠᠨ ᠬᠥᠬᠢᠭᠦᠯᠵᠦ᠂ ᠬᠤᠶᠢᠰᠢᠳᠠ ᠶᠢᠨ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠲᠤᠰ ᠤᠳᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠨᠢ ᠡᠷᠳᠡᠮ ᠰᠢᠨᠵᠢᠯᠡᠭᠡᠨ ᠤ ᠥᠭᠦᠯᠡᠯ 69 ᠬᠤᠪᠢ ᠡᠯᠰᠡᠵᠦ᠂ ᠨᠡᠶᠢᠲᠡ ᠨᠢᠭᠡᠳᠦᠭᠡᠷ ᠳᠡᠰ ᠤᠨ ᠱᠠᠩᠨᠠᠯ ᠤᠨ 7 ᠬᠤᠪᠢ᠂ ᠬᠤᠶᠠᠳᠤᠭᠠᠷ ᠳᠡᠰ ᠤᠨ ᠱᠠᠩᠨᠠᠯ ᠤᠨ 8 ᠬᠤᠪᠢ᠂ ᠭᠤᠷᠪᠠᠳᠤᠭᠠᠷ ᠳᠡᠰ ᠤᠨ ᠱᠠᠩᠨᠠᠯ ᠤᠨ 18 ᠬᠤᠪᠢ ᠶᠢ ᠰᠢᠯᠭᠠᠷᠠᠭᠤᠯᠤᠭᠰᠠᠨ ᠤ ᠬᠠᠮᠲᠤ ᠨᠡᠶᠢᠭᠡᠮᠯᠢᠭ ᠤᠨ ᠲᠡᠷᠢᠭᠦᠨ ᠤ ᠬᠤᠪᠢ ᠬᠥᠮᠦᠨ ᠢ 6 ᠨᠡᠷ᠎ᠡ ᠰᠢᠯᠭᠠᠷᠠᠭᠤᠯᠪᠠ᠃ ᠣᠨ ᠤ ᠬᠤᠷᠠᠯ ᠲᠡᠭᠦᠰᠦᠭᠰᠡᠨ ᠤ ᠳᠠᠷᠠᠭ᠎ᠠ᠂ ᠪᠡᠭᠡᠵᠢᠩ ᠤᠨ ᠲᠦᠩ ᠷᠧᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠰᠡᠳᠬᠢᠴᠡ ᠶᠢᠨ ᠡᠷᠬᠢᠯᠡᠭᠴᠢ ᠡᠮᠴᠢ᠂ ᠳᠡᠭᠡᠳᠦ ᠵᠡᠷᠭᠡ ᠶᠢᠨ ᠰᠡᠳᠬᠢᠴᠡ ᠶᠢᠨ ᠬᠢᠨᠠᠨ ᠵᠢᠯᠣᠭᠤᠳᠤᠭᠴᠢ ᠵᠣᠣ ᠮᠧᠶ ᠲᠤᠰᠬᠠᠶ ᠰᠡᠳᠦᠪᠲᠦ ᠬᠢᠨᠠᠨ ᠵᠢᠯᠣᠭᠤᠳᠬᠤ ᠪᠣᠯᠪᠠᠰᠤᠷᠠᠭᠤᠯᠤᠯ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号