ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠥᠷᠪᠡᠨ ᠠᠵᠤ ᠠᠬᠤᠶᠢᠯᠠᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠬᠤ ᠱᠠᠩᠨᠠᠯ ᠤᠨ ᠪᠡᠯᠡ ᠮᠥᠩᠭᠦ ᠶᠢᠨ ᠵᠢᠭᠡᠯᠡᠯᠭᠡ ᠶᠢᠨ ᠳᠠᠮ ᠬᠦᠦ ᠶᠢᠨ ᠲᠤᠰᠠᠯᠠᠮᠵᠢ ᠣᠯᠪᠠ
ᠨᠡᠶᠢᠲᠡᠯᠡᠭᠰᠡᠨ ᠴᠠᠭ᠄
2015/8/31
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ 2015 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠬᠤ ᠱᠠᠩᠨᠠᠯ ᠤᠨ ᠪᠡᠯᠡ ᠮᠥᠩᠭᠦ ᠶᠢᠨ ᠵᠢᠭᠡᠯᠡᠯᠭᠡ ᠶᠢᠨ ᠲᠥᠷᠥᠯ ᠵᠦᠢᠯ ᠤᠨ  ᠳᠡᠮ ᠬᠦᠦ ᠶᠢᠨ ᠮᠡᠳᠡᠭᠳᠡᠯ ᠪᠠᠭᠤᠯᠭᠠᠵᠤ᠂ ᠤᠯᠠᠭᠠᠨᠬᠠᠳᠠ ᠬᠤᠲᠠ ᠶᠢᠨ ᠠᠤᠬᠠᠨ ᠤ ᠶᠢᠨ ᠢᠦᠢ ᠠᠮᠤ ᠪᠤᠳᠠᠭ᠎ᠠ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠹᠦ᠋ ᠱᠠᠨ ᠲᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠡᠭᠡᠷ᠎ᠡ ᠶᠢᠨ ᠬᠤᠲᠣᠭᠤᠷ ᠡᠪᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠤᠬᠠᠨ ᠤ ᠬᠦ᠋ ᠹᠧᠩ ᠠᠮᠤ ᠪᠤᠳᠠᠭ᠎ᠠ ᠶᠢᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠭᠡᠯᠡᠯᠭᠡ ᠶᠢᠨ ᠳᠠᠮ ᠬᠦᠦ ᠶᠢᠨ ᠲᠤᠰᠠᠯᠠᠮᠵᠢ ᠣᠯᠵᠤ᠂ ᠳᠠᠮ ᠬᠦᠦ ᠶᠢᠨ ᠵᠣᠭᠤᠰ ᠤᠨ ᠲᠤᠭ᠎ᠠ ᠨᠢ ᠨᠡᠶᠢᠲᠡ 214.22 ᠲᠦᠮᠡᠨ ᠲᠥᠭᠦᠷᠢᠭ ᠪᠣᠯᠤᠨ᠎ᠠ᠃ ᠣᠳᠣᠬᠠᠨ ᠪᠣᠯᠲᠠᠯ᠎ᠠ᠂ ᠤᠯᠠᠭᠠᠨᠬᠠᠳᠠ ᠬᠤᠲᠠ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠶᠢ ᠬᠦᠲᠦᠯᠦᠨ ᠵᠢᠯᠣᠭᠤᠳᠬᠤ ᠱᠠᠩᠨᠠᠯ ᠤᠨ ᠪᠡᠯᠡ ᠮᠥᠩᠭᠦ ᠶᠢᠨ ᠵᠢᠭᠡᠯᠡᠯᠭᠡ ᠶᠢᠨ ᠲᠥᠷᠥᠯ ᠵᠦᠢᠯ ᠤᠨ ᠳᠡᠮ ᠬᠦᠦ ᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠨᠢᠭᠡᠨᠲᠡ 13 ᠪᠣᠯᠵᠤ᠂ ᠵᠢᠭᠡᠯᠡᠯᠭᠡ ᠶᠢᠨ ᠶᠡᠷᠦᠩᠬᠡᠶ ᠲᠤᠭ᠎ᠠ 4.99 ᠳ᠋ᠦᠩᠰᠢᠭᠤᠷ ᠲᠥᠭᠦᠷᠢᠭ ᠲᠤ ᠬᠦᠷᠴᠦ᠂ ᠳᠠᠮ ᠬᠦᠦ ᠶᠢᠨ ᠲᠤᠰᠠᠯᠠᠮᠵᠢ ᠨᠡᠶᠢᠲᠡ 2290.17 ᠲᠦᠮᠡᠨ ᠲᠥᠭᠦᠷᠢᠭ ᠲᠤ ᠬᠦᠷᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号